︽ᠡᠷᠡᠭᠦᠯᠵᠢᠭᠦᠯᠬᠦ ᠠᠵᠢᠯᠲᠠᠨ ᠤ ᠪᠣᠯᠪᠠᠰᠤᠷᠠᠯ ᠤᠨ ᠬᠥᠲᠥᠯᠪᠦᠷᠢ ︵2023 ᠣᠨ ᠤ ᠬᠡᠪᠯᠡᠯ︶ ᠶᠢ ᠳᠠᠷᠤᠮᠠᠯᠯᠠᠨ ᠲᠠᠷᠬᠠᠭᠠᠬᠤ ᠲᠤᠬᠠᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/12/1
  ᠨᠢᠭᠡ᠂ ᠲᠣᠭᠲᠠᠭᠠᠭᠰᠠᠨ ᠠᠬᠤᠢ ᠪᠠᠶᠢᠳᠠᠯ    ᠡᠷᠡᠭᠦᠯ ᠡᠩᠬᠡ ᠳᠤᠮᠳᠠᠳᠤ ᠤᠯᠤᠰ ᠢ ᠬᠡᠷᠡᠭᠵᠢᠭᠦᠯᠬᠦ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯᠯᠠᠭᠤᠯᠵᠤ᠂ ᠨᠡᠶᠢᠭᠡᠮ ᠤᠨ ᠬᠡᠷᠡᠭᠴᠡᠭᠡᠨ ᠳᠤ ᠴᠢᠭᠯᠡᠭᠦᠯᠵᠦ᠂ ᠡᠷᠡᠭᠦᠯᠵᠢᠭᠦᠯᠬᠦ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠷᠡᠭᠦᠯᠵᠢᠭᠦᠯᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠷᠡᠭᠦᠯᠵᠢᠭᠦᠯᠬᠦ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠠᠨ ᠲᠦᠮᠡᠨ ᠤ ᠤᠯᠠᠨ ᠶᠠᠩᠵᠤᠲᠤ᠂ ᠵᠥᠷᠢᠶᠡᠲᠦ ᠡᠷᠡᠭᠦᠯᠵᠢᠭᠦᠯᠬᠦ ᠦᠢᠯᠡᠴᠢᠯᠡᠭᠡᠨ ᠤ ᠬᠡᠷᠡᠭᠴᠡᠭᠡ ᠶᠢ ᠠᠯᠬᠤᠮ ᠠᠯᠬᠤᠮ ᠢᠶᠠᠷ ᠬᠠᠩᠭᠠᠬᠤ ᠶᠢᠨ ᠲᠥᠯᠥᠭᠡ᠂ ᠭᠦᠨᠵᠡᠭᠡᠢ ᠪᠠᠶᠢᠴᠠᠭᠠᠨ ᠰᠤᠳᠤᠯᠵᠤ᠂ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠡᠷᠡᠭᠦᠯᠵᠢᠭᠦᠯᠬᠦ ᠠᠵᠢᠯᠲᠠᠨ ᠤ ᠪᠣᠯᠪᠠᠰᠤᠷᠠᠯ ᠤᠨ ᠬᠥᠲᠥᠯᠪᠦᠷᠢ ︵2023 ᠣᠨ ᠤ ᠬᠡᠪᠯᠡᠯ︶︾ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠯ᠎ᠡ ᠭᠠᠵᠠᠷ ᠪᠠ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ︽ᠡᠷᠡᠭᠦᠯᠵᠢᠭᠦᠯᠬᠦ ᠠᠵᠢᠯᠲᠠᠨ ᠤ ᠪᠣᠯᠪᠠᠰᠤᠷᠠᠯ ᠤᠨ ᠬᠥᠲᠥᠯᠪᠦᠷᠢ ︵2023 ᠣᠨ ᠤ ᠬᠡᠪᠯᠡᠯ︶︾ ᠪᠠᠷ ᠯᠠᠪᠯᠠᠯᠲᠠ ᠪᠣᠯᠭᠠᠨ᠂ ᠡᠷᠡᠭᠦᠯᠵᠢᠭᠦᠯᠬᠦ ᠠᠵᠢᠯᠲᠠᠨ ᠤ ᠪᠣᠯᠪᠠᠰᠤᠷᠠᠯ ᠢ ᠥᠷᠨᠢᠭᠦᠯᠦᠭᠡᠳ᠂ ᠡᠷᠡᠭᠦᠯᠵᠢᠭᠦᠯᠬᠦ ᠠᠵᠢᠯᠲᠠᠳ ᠤᠨ ᠦᠢᠯᠡᠴᠢᠯᠡᠬᠦ ᠴᠢᠳᠠᠪᠤᠷᠢ ᠶᠢ ᠤᠯᠠᠮ ᠳᠡᠭᠡᠭᠰᠢᠯᠡᠭᠦᠯᠪᠡ᠃    ᠬᠤᠶᠠᠷ᠂ ᠭᠤᠣᠯ ᠠᠭᠤᠯᠭ᠎ᠠ    ︽ᠡᠷᠡᠭᠦᠯᠵᠢᠭᠦᠯᠬᠦ ᠠᠵᠢᠯᠲᠠᠨ ᠤ ᠪᠣᠯᠪᠠᠰᠤᠷᠠᠯ ᠤᠨ ᠬᠥᠲᠥᠯᠪᠦᠷᠢ ︵2023 ᠣᠨ ᠤ ᠬᠡᠪᠯᠡᠯ︶︾ ᠳᠤ ᠪᠣᠯᠪᠠᠰᠤᠷᠠᠯ ᠤᠨ ᠬᠠᠷᠠᠯᠲᠠ᠂ ᠡᠲᠡᠭᠡᠳ᠂ ᠴᠠᠭ᠂ ᠬᠡᠯᠪᠡᠷᠢ ᠪᠠ ᠠᠷᠭ᠎ᠠ᠂ ᠪᠣᠯᠪᠠᠰᠤᠷᠠᠯ ᠤᠨ ᠠᠭᠤᠯᠭ᠎ᠠ ᠪᠠ ᠱᠠᠭᠠᠷᠳᠠᠯᠭ᠎ᠠ ᠵᠡᠷᠭᠡ ᠶᠢ ᠲᠣᠳᠣᠷᠬᠠᠢ ᠲᠣᠭᠲᠠᠭᠠᠵᠠᠢ᠃ ᠭᠤᠣᠯᠳᠠᠭᠤ ᠡᠮᠴᠢᠯᠡᠭᠡᠨ ᠤ ᠪᠠᠶᠢᠭᠤᠯᠤᠮᠵᠢ ᠶᠢᠨ ᠰᠢᠨ᠎ᠡ ᠪᠠᠷ ᠠᠵᠢᠯ ᠳᠤ ᠭᠠᠷᠤᠭᠰᠠᠨ ᠡᠷᠡᠭᠦᠯᠵᠢᠭᠦᠯᠬᠦ ᠠᠵᠢᠯᠲᠠᠨ᠂ ᠠᠵᠢᠯ ᠤᠨ ᠪᠠᠶᠢᠷᠢ ᠰᠢᠯᠵᠢᠭᠰᠡᠨ ᠤ ᠳᠠᠷᠠᠭ᠎ᠠ ᠡᠷᠡᠭᠦᠯᠵᠢᠭᠦᠯᠬᠦ ᠡᠮᠴᠢᠯᠡᠭᠡ ᠬᠢᠵᠦ ᠪᠠᠶᠢᠭ᠎ᠠ ᠠᠵᠢᠯᠲᠠᠨ᠂ ᠠᠵᠢᠯ ᠤᠨ ᠪᠠᠶᠢᠷᠢᠨ ᠳᠤ ᠪᠠᠶᠢᠭ᠎ᠠ ᠠᠩᠬ᠎ᠠ ᠵᠡᠷᠭᠡ ᠶᠢᠨ ᠵᠢᠴᠢ ᠲᠡᠭᠦᠨ ᠠᠴᠠ ᠳᠣᠷᠣᠭᠰᠢᠬᠢ ᠮᠡᠷᠭᠡᠵᠢᠯ ᠤᠨ ᠴᠣᠯᠠ ᠲᠠᠢ ᠡᠷᠡᠭᠦᠯᠵᠢᠭᠦᠯᠬᠦ ᠠᠵᠢᠯᠲᠠᠨ ᠳᠤ ᠦᠨᠳᠦᠰᠦᠨ ᠣᠨᠣᠯ᠂ ᠡᠷᠡᠭᠦᠯᠵᠢᠬᠦ ᠶᠢ ᠦᠨᠡᠯᠡᠨ ᠲᠣᠭᠲᠠᠭᠠᠬᠤ ᠳᠤ ᠪᠠᠶᠢᠩᠭᠤ ᠬᠡᠷᠡᠭᠯᠡᠭᠳᠡᠬᠦ ᠠᠷᠭ᠎ᠠ᠂ ᠪᠠᠶᠢᠩᠭᠤ ᠬᠡᠷᠡᠭᠯᠡᠭᠳᠡᠬᠦ ᠡᠷᠡᠭᠦᠯᠵᠢᠭᠦᠯᠬᠦ ᠮᠡᠷᠭᠡᠵᠢᠯ ᠵᠢᠴᠢ ᠪᠠᠶᠢᠩᠭᠤ ᠲᠣᠬᠢᠶᠠᠯᠳᠤᠬᠤ ᠡᠪᠡᠳᠴᠢᠨ ᠤ ᠴᠢᠳᠠᠮᠵᠢ ᠶᠢᠨ ᠰᠠᠭᠠᠳ ᠢ ᠡᠷᠡᠭᠦᠯᠵᠢᠭᠦᠯᠬᠦ ᠬᠠᠮᠢᠶ᠎ᠠ ᠪᠦᠬᠦᠢ ᠣᠨᠣᠯ ᠪᠠ ᠮᠡᠷᠭᠡᠵᠢᠯ ᠵᠡᠷᠭᠡ ᠶᠢᠨ ᠪᠣᠯᠪᠠᠰᠤᠷᠠᠯ ᠢ ᠥᠷᠨᠢᠭᠦᠯᠵᠦ᠂ ᠲᠡᠳᠡᠨ ᠢ ᠠᠷᠠᠳ ᠣᠯᠠᠨ ᠳᠤ ᠨᠠᠩ ᠮᠡᠷᠭᠡᠵᠢᠯ ᠤᠨ᠂ ᠵᠢᠷᠤᠮᠵᠢᠭᠰᠠᠨ ᠡᠷᠡᠭᠦᠯᠵᠢᠭᠦᠯᠦᠨ ᠵᠠᠰᠠᠬᠤ ᠦᠢᠯᠡᠴᠢᠯᠡᠭᠡ ᠬᠠᠩᠭᠠᠵᠤ ᠴᠢᠳᠠᠬᠤ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号