ᠰᠢᠩ ᠹᠦ᠋ ᠰᠢᠶᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/1
   11 ᠰᠠᠷ᠎ᠠ ᠶᠢᠨ 29  ᠤ ᠡᠳᠦᠷ᠂ ᠰᠢᠩ ᠹᠦ᠋ ᠰᠢᠶᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠬᠢᠷᠠᠭᠤᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ᠂  ᠰᠢᠶᠠᠩ ᠤᠨ ᠳᠠᠷᠤᠭ᠎ᠠ ᠵᠤᠤ ᠢᠦᠢ ᠪᠦᠦ ᠬᠤᠷᠠᠯ ᠢ ᠡᠷᠬᠢᠯᠡᠨ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠦᠷᠳᠡᠭᠡᠨ ᠤ ᠠᠵᠢᠯᠳᠠᠳ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠳᠠᠷᠤᠭ᠎ᠠ  ᠪᠠ ᠭᠡᠰᠢᠭᠦᠳ ᠬᠤᠷᠠᠯ ᠳᠤ ᠤᠷᠤᠯᠴᠠᠵᠠᠢ᠃ ᠬᠤᠷᠠᠯ ᠳᠡᠭᠡᠷ᠎ᠡ᠂ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠥᠷᠪᠡᠳᠦᠭᠡᠷ ᠤᠯᠠᠷᠢᠯ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ᠂ ᠣᠷᠣᠨ ᠰᠠᠭᠤᠴᠠ ᠶᠢᠨ ᠬᠢᠨᠠᠨ ᠲᠣᠭᠲᠠᠭᠠᠯᠲᠠ ᠵᠡᠷᠭᠡ ᠠᠵᠢᠯ ᠢ ᠲᠠᠬᠢᠨᠳᠠ ᠪᠠᠶᠢᠷᠢᠯᠠᠭᠤᠯᠪᠠ᠃ ᠨᠠᠮ ᠤᠨ ᠬᠤᠷᠢᠶᠠᠨ ᠤ ᠱᠦᠵᠢ ᠰᠥᠩ ᠹᠧᠩ ᠠᠴᠠ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠥᠷᠪᠡᠳᠦᠭᠡᠷ ᠤᠯᠠᠷᠢᠯ ᠤᠨ ᠲᠣᠬᠢᠷᠠᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠢᠨᠠᠨ ᠰᠢᠯᠭᠠᠬᠤ ᠪᠠᠷᠢᠮᠵᠢᠶ᠎ᠠ ᠪᠠ ᠢᠯᠭᠠᠨ ᠲᠠᠨᠢᠬᠤ ᠠᠯᠬᠤᠮ ᠶᠣᠰᠣᠭᠠᠷ᠂  ᠪᠠᠳᠤᠯᠠᠭᠠᠨ ᠳᠤ ᠤᠷᠤᠬᠤ ᠶᠣᠰᠣᠲᠠᠢ ᠶᠢ ᠨᠢ ᠪᠦᠬᠦᠨ ᠢ ᠤᠷᠤᠭᠤᠯᠵᠤ᠂ ᠠᠵᠢᠯ ᠤᠨ ᠠᠬᠢᠴᠠ ᠪᠠ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ ᠬᠠᠷᠢᠭᠤᠴᠠᠯᠭ᠎ᠠ  ᠨᠠᠶᠢᠳᠠᠪᠤᠷᠢᠵᠢᠭᠤᠯᠬᠤ ᠶᠢ ᠴᠢᠩᠭᠠᠳᠬᠠᠵᠤ ᠂ ᠴᠠᠭ ᠤᠨ ᠵᠠᠩᠭᠢᠯᠠᠭ᠎ᠠ  ᠶᠢ  ᠡᠵᠡᠮᠳᠡᠨ᠂  ᠪᠠᠶᠢᠴᠠᠭᠠᠵᠤ ᠰᠤᠷᠪᠤᠯᠵᠢᠯᠠᠬᠤ ᠠᠵᠢᠯ ᠢ ᠱᠠᠭᠠᠷᠳᠠᠯᠭ᠎ᠠ ᠶᠤᠰᠤᠭᠠᠷ ᠯᠠᠪᠳᠠᠭᠤᠨ ᠪᠠᠲᠤᠲᠠᠢ ᠥᠷᠨᠢᠭᠦᠯᠵᠦ᠂ ᠬᠢᠨᠠᠨ ᠪᠠᠶᠢᠴᠠᠭᠠᠭᠳᠠᠬᠤ ᠨᠢᠭᠤᠷᠯᠠᠯ ᠤᠨ ︽ ᠭᠤᠷᠪᠠᠨ ᠪᠠᠳᠤᠯᠠᠭ᠎ᠠ︾ ᠪᠠ ᠣᠷᠣᠯᠭ᠎ᠠ ᠶᠢᠨ ᠪᠠᠶᠢᠳᠠᠯ ᠵᠡᠷᠭᠡ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠦᠨᠡᠨᠬᠦ ᠠᠳᠬᠤᠨ ᠪᠣᠳᠠᠲᠠᠢ ᠠᠵᠢᠯᠯᠠᠬᠤ ᠠᠵᠢᠯ ᠤᠨ ᠰᠤᠷᠲᠠᠯ  ᠢᠶᠠᠷ  ᠬᠢᠨᠠᠨ ᠬᠡᠮᠵᠢᠵᠦ ᠤᠶᠢᠯᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ  ᠪᠠᠷ ᠴᠢᠨᠠᠷ ᠰᠠᠶᠢᠳᠠᠢ ᠦᠷᠨᠢᠬᠦᠯᠦᠨ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠰᠢᠩ ᠹᠦ᠋ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号