ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠪᠠ ᠲᠤᠰᠬᠠᠢ ᠰᠡᠳᠦᠪᠳᠦ ᠰᠤᠳᠤᠯᠤᠨ ᠶᠠᠷᠢᠯᠴᠠᠬᠤ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/12/10
  12 ᠰᠠᠷ᠎ᠠ ᠶᠢᠨ 8 ᠤ ᠡᠳᠦᠷ᠂  ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠢ 17 ᠳ᠋ᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠲᠡᠳ᠋ ᠳᠠᠷᠤᠭ᠎ᠠ ᠵᠣᠤ ᠮᠧᠶ ᠯᠢ ᠤᠷᠢᠯᠭ᠎ᠠ ᠪᠠᠷ ᠤᠷᠤᠯᠴᠠᠵᠤ ᠵᠢᠭᠠᠨ ᠵᠢᠯᠤᠭᠤᠳᠴᠠᠢ᠃ ᠬᠤᠷᠠᠯ  ᠲᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠢ ᠶᠢᠨ ᠭᠤᠣᠯ ᠠᠶᠢᠮᠠᠭ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠬᠤ ᠲᠤᠬᠠᠢ ᠲᠦᠰᠦᠪ︾  ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ  ᠤᠨ ᠬᠡᠯᠪᠡᠷᠢ ᠶᠢᠨ ᠠᠵᠢᠯ  ᠤᠨ ᠲᠤᠬᠠᠢ ᠴᠢᠬᠤᠯᠠ ᠥᠭᠦᠯᠡᠯᠲᠡ ᠶᠢᠨ ᠠᠭᠤᠯᠭ᠎ᠠ᠂ ᠪᠦᠬᠦ ᠣᠷᠣᠨ  ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ  ᠤᠨ ᠠᠵᠢᠯ  ᠤᠨ ᠬᠤᠷᠠᠯ ᠵᠢᠴᠢ ᠪᠦᠬᠦ ᠣᠷᠣᠨ  ᠤ ᠰᠦᠯᠵᠢᠶᠡᠨ  ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ  ᠤᠨ ᠬᠤᠷᠠᠯ  ᠤᠨ ᠵᠣᠷᠢᠭ ᠰᠠᠨᠠᠭ᠎ᠠ᠂  ᠪᠦᠬᠦ ᠠᠷᠠᠳ  ᠤᠨ ᠤᠯᠤᠰ  ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ  ᠢ ᠴᠢᠩᠭᠠᠳᠬᠠᠬᠤ ᠲᠤᠬᠠᠢ  ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠰᠤᠷᠤᠯᠴᠠᠭᠰᠠᠨ   ᠤ ᠬᠠᠮᠲᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠵᠣᠣ ᠮᠸᠢ ᠯᠢ ᠠᠴᠠ ᠰᠠᠨᠠᠭᠤᠯᠭ᠎ᠠ ᠲᠤᠷᠠᠳᠬᠠᠤ ᠳᠠᠭᠠᠨ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠤᠯᠠᠮ  ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠ ᠨᠢᠭᠡᠳᠦᠯᠲᠡᠢ ᠲᠦᠯᠦᠪᠯᠡᠭᠡ  ᠶᠢ ᠴᠢᠩᠭᠠᠳᠬᠠᠨ᠂ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠬᠠᠷᠢᠭᠤᠴᠠᠯᠭ᠎ᠠ  ᠶᠢ ᠪᠤᠳᠠᠳᠠᠶᠢᠵᠢᠭᠤᠯᠬᠤ ᠭᠡᠷᠡᠭᠳᠡᠢ᠃ ᠬᠤᠶᠠᠷ ᠲᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠳᠦᠷᠢᠮ ᠢ ᠤᠯᠠᠮ ᠴᠢᠩᠭᠠᠳᠬᠠᠨ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂   ᠰᠤᠷᠤᠯᠴᠠᠯᠭ᠎ᠠ ᠶᠢᠨ ᠱᠠᠭᠠᠷᠳᠠᠯᠭ᠎ᠠ ᠶᠢ ᠲᠤᠳᠤᠷᠬᠠᠶᠢᠯᠠᠨ᠂  ᠰᠤᠷᠤᠯᠴᠠᠯᠭ᠎ᠠ ᠶᠢ ᠨᠠᠷᠢᠨ ᠬᠢᠨᠠᠮᠠᠭᠠᠢ ᠥᠷᠨᠢᠭᠦᠯᠬᠦ ᠬᠡᠷᠡᠭᠲᠡᠢ᠃ ᠭᠤᠷᠪᠠ ᠳᠤ ᠤᠨᠤᠯ ᠢ ᠪᠣᠳᠠᠲᠠᠢ ᠲᠠᠢ ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠨ᠂ ︽ᠰᠤᠷᠤᠯᠴᠠᠬᠤ ᠶᠢᠨ ᠳᠤᠮᠳᠠ ᠠᠵᠢᠯᠯᠠᠬᠤ᠂ ᠠᠵᠢᠯᠯᠠᠬᠤ ᠶᠢᠨ ᠳᠤᠮᠳᠠ ᠰᠤᠷᠤᠯᠴᠠᠬᠤ︾ ᠶᠢ  ᠪᠡᠶᠡᠯᠡᠬᠦᠯᠵᠦ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ  ᠃   ᠰᠤᠮᠤᠨ ᠤ ᠨᠠᠮ ᠤᠨ ᠬᠤᠷᠢᠶᠠᠨ ᠤ ᠱᠦᠵᠢ ᠣᠷᠭᠢᠯ ᠳ᠋ᠦᠩᠨᠡᠯᠲᠡ ᠶᠢᠨ ᠶᠠᠷᠢᠶᠠᠨ ᠳᠠᠭᠠᠨ᠂ ᠬᠤᠶᠢᠰᠢᠳᠠ ᠶᠢᠨ ᠠᠵᠢᠯ ᠤᠨ ᠳᠤᠮᠳᠠ ᠪᠠᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠤᠯᠠᠮ ᠴᠢᠩᠭᠠᠳᠬᠠᠵᠤ᠂  ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠤᠷᠤᠭᠤᠯᠤᠨ᠂ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠡᠭᠦᠷᠭᠡ ᠲᠠᠢ ᠤᠶᠠᠯᠳᠤᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠲᠠᠯ᠎ᠠ ᠶᠢᠨ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ᠂ ᠰᠢᠢᠳᠪᠦᠷᠢᠯᠡᠬᠦ ᠠᠷᠭ᠎ᠠ ᠲᠦᠰᠦᠪ ᠢ ᠲᠤᠷᠠᠳᠤᠨ᠂ ᠠᠵᠢᠯ ᠤᠨ ᠪᠦᠲᠦᠮᠵᠢᠲᠡᠶ  ᠨᠠᠶᠢᠳᠠᠪᠤᠷᠢᠵᠢᠬᠤ ᠶᠢ ᠠᠬᠢᠭᠤᠯᠵᠤ᠂  ᠡᠯ᠎ᠡ ᠲᠦᠷᠦᠯ ᠤᠨ ᠠᠵᠢᠯ ᠦᠢᠯᠡᠰ ᠤᠨ ᠲᠣᠭᠲᠠᠭᠤᠨ ᠢᠶᠠᠷ ᠶᠠᠪᠤᠭᠳᠠᠬᠤ ᠳᠤ ᠬᠦᠴᠦᠷᠬᠡᠭ ᠶᠡᠭᠡ ᠦᠵᠡᠯ ᠰᠠᠨᠠᠭᠠᠨ ᠤ ᠰᠠᠭᠤᠷᠢ ᠪᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠢ᠃  ᠰᠤᠮᠤᠨ ᠤ ᠤᠳᠤᠷᠢᠳᠬᠤ ᠪᠠᠭ ᠤᠨ ᠭᠡᠰᠢᠬᠦᠳ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ᠂ ᠭᠦᠨ ᠳᠠᠪᠬᠤᠷᠭ᠎ᠠ ᠠᠴᠠ ᠰᠤᠷᠤᠯᠴᠠᠵᠤ ᠂ ᠦᠨᠡᠨᠬᠦ ᠰᠤᠷᠤᠯᠴᠠᠨ ᠦᠨᠡᠨᠬᠦ ᠣᠶᠢᠯᠠᠭᠠᠵᠤ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠦᠨ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠯᠭ᠎ᠠ ᠲᠠᠯᠪᠢᠵᠠᠢ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号