12 ᠰᠠᠷ᠎ᠠ ᠶᠢᠨ 8 ᠤ ᠡᠳᠦᠷ ᠪᠣᠯ ︽ᠲᠤᠭ᠎ᠠ ᠪᠦᠷᠢᠳᠬᠡᠯ ᠤᠨ ᠬᠠᠤᠯᠢ︾ ᠶᠢ ᠨᠡᠶᠢᠲᠡᠯᠡᠭᠰᠡᠨ 40 ᠵᠢᠯ ᠤᠨ | ᠣᠶ ᠶᠢᠨ ᠳᠤᠷᠠᠰᠬᠠᠯ ᠤᠨ ᠡᠳᠦᠷ ᠪᠣᠯᠣᠨ᠎ᠠ᠂ ᠲᠤᠰ ᠡᠳᠦᠷ ᠬᠤᠩ ᠴᠢ ᠪᠠᠯᠭᠠᠰᠤ ᠨᠢ ︽ᠲᠤᠭ᠎ᠠ ᠪᠦᠷᠢᠳᠬᠡᠯ ᠤᠨ | ᠬᠠᠤᠯᠢ ᠶᠢᠨ ᠮᠡᠳᠡᠯᠭᠡ ᠶᠢ ᠲᠦᠭᠡᠮᠡᠯᠵᠢᠭᠦᠯᠵᠦ ᠲᠤᠭ᠎ᠠ ᠪᠦᠷᠢᠳᠬᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠬᠤ︾ ᠪᠠᠷ ᠭᠤᠤᠯ ᠰᠡᠳᠦᠪ ᠪᠤᠯᠭᠠᠭᠰᠠᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠵᠢᠴᠢ ︽ᠲᠤᠭ᠎ᠠ ᠪᠦᠷᠢᠳᠬᠡᠯ ᠤᠨ ᠬᠠᠤᠯᠢ︾ ᠶᠢᠨ ᠤᠬᠠᠭᠤᠯᠭ᠎ᠠ ᠶᠢᠨ ᠠᠵᠢᠯᠯᠠᠭ᠎ᠠ | ᠦᠷᠨᠢᠬᠦᠯᠵᠡᠢ᠃ ᠪᠠᠯᠭᠠᠰᠤᠨ ᠤ ᠠᠵᠢᠯᠳᠠᠳ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠡᠳ᠋ ᠪᠤᠳᠠᠰ | ᠲᠠᠷᠬᠠᠭᠠᠬᠤ ᠬᠡᠯᠪᠡᠷᠢ ᠪᠠᠷ ᠪᠦᠬᠦ ᠪᠠᠯᠭᠠᠰᠤᠨ ᠤ ᠣᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ | ᠬᠠᠤᠯᠢ ᠰᠠᠬᠢᠵᠤ ᠬᠠᠤᠯᠢ ᠭᠡᠷᠡᠭᠯᠡᠬᠦ ᠤᠬᠠᠮᠰᠠᠷ ᠢ ᠨᠢ ᠴᠢᠩᠭᠠᠳᠬᠠᠨ᠂ ᠨᠡᠶᠢᠭᠡᠮ ᠤᠨ ᠬᠦᠴᠦᠨ ᠢ ᠳᠠᠶᠢᠴᠢᠯᠠᠨ ᠠᠵᠤ | ᠠᠬᠤᠢ ᠶᠢᠨ ᠨᠡᠶᠢᠳᠡᠮ ᠪᠠᠶᠢᠴᠠᠭᠠᠯᠳᠠ ᠳᠤ ᠢᠳᠡᠪᠬᠢᠲᠡᠢ ᠪᠠᠷ ᠤᠷᠤᠯᠴᠠᠵᠤ ᠬᠠᠮᠵᠢᠯᠴᠠᠬᠤ ᠳᠤ ᠠᠬᠢᠭᠤᠯᠭ᠎ᠠ ᠶᠢᠨ | ᠦᠢᠯᠡᠳᠦᠯ ᠦᠵᠡᠭᠦᠯᠪᠡ᠃ ᠣᠶᠢᠯᠠᠭᠠᠭᠰᠠᠨ ᠢᠶᠠᠷ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠨᠢ 2023 ᠣᠨ ᠤ 12 ᠰᠠᠷ᠎ᠠ ᠶᠢᠨ 31 ᠤ ᠡᠳᠦᠷ ᠡᠬᠢᠯᠡᠵᠦ᠂ 2024 ᠣᠨ ᠤ 1 | ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠡᠷᠦᠬᠡ ᠳᠤ ᠣᠷᠣᠵᠤ ᠨᠡᠶᠢᠳᠡᠮ ᠪᠠᠶᠢᠴᠠᠭᠠᠯᠲᠠ ᠬᠢᠬᠦ ᠶᠤᠮ ᠪᠠᠶᠢᠨ᠎ᠠ᠃ | ᠡᠨᠡ ᠤᠳᠠᠭᠠᠨ ᠤ ᠤᠬᠠᠭᠤᠯᠭ᠎ᠠ ᠪᠠᠷ ᠲᠠᠮᠵᠢᠭᠠᠳ᠂ ᠪᠦᠬᠦ ᠪᠠᠯᠭᠠᠰᠤᠨ ᠤ ᠣᠯᠠᠨ ᠲᠦᠮᠡᠨ ᠤ ᠤᠷᠤᠯᠴᠠᠯᠭ᠎ᠠ ᠶᠢᠨ | ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠬᠠᠤᠯᠢ ᠲᠦᠷᠢᠮ ᠤᠨ ᠲᠤᠬᠠᠢ | ᠮᠡᠳᠡᠯᠭᠡ ᠶᠢ ᠥᠷᠭᠡᠳᠬᠡᠨ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠦᠭᠴᠡᠢ᠃ | |