ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2023/12/13
ᠡᠯ᠎ᠡ ᠰᠤᠮᠤ ᠰᠢᠶᠠᠩ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠣᠯᠣᠨ ᠥᠷᠭᠡᠨ ᠣᠯᠠᠨ ᠠᠷᠠᠳ ᠢᠷᠭᠡᠳ ᠲᠤ᠄    ᠬᠦᠢᠲᠡᠨ ᠠᠭᠤᠷ ᠠᠮᠢᠰᠬᠤᠯ ᠤᠨ ᠨᠥᠯᠥᠭᠡᠯᠡᠯ ᠢᠶᠠᠷ᠂ 12 ᠰᠠᠷ᠎ᠠ ᠶᠢᠨ 13 ᠤ ᠰᠥᠨᠢ ᠠᠴᠠ 15 ᠤ ᠡᠳᠦᠷ ᠪᠣᠯᠲᠠᠯ᠎ᠠ᠂ ᠮᠠᠨ ᠤ ᠬᠤᠰᠢᠭᠤᠨ ᠳᠤ ᠴᠠᠰᠤ ᠣᠷᠣᠵᠤ ᠬᠦᠢᠳᠡᠷᠡᠬᠦ  ᠪᠤᠯᠤᠨ᠎ᠠ᠃ ᠭᠡᠬᠦ ᠳᠡᠭᠡᠨ ᠭᠤᠣᠯᠳᠠᠭᠤ 13 ᠤ   ᠰᠥᠨᠢ ᠠᠴᠠ 15 ᠤ ᠡᠳᠦᠷ ᠪᠣᠯᠲᠠᠯ᠎ᠠ 10 ᠮᠢᠯᠢᠮᠧᠲᠷ ᠢᠯᠡᠬᠦᠦ ᠴᠠᠰᠤ  ᠤᠷᠤᠵᠤ᠂  14 ᠤ ᠡᠳᠦᠷ ᠠᠴᠠ 16 ᠤ ᠡᠳᠦᠷ ᠪᠣᠯᠲᠠᠯ᠎ᠠ ᠳᠤᠯᠠᠭᠠᠨ ᠤ ᠬᠡᠮᠵᠢᠶ᠎ᠡ 14~16℃ ᠪᠠᠭᠤᠷᠠᠨ᠂  ᠰᠠᠯᠬᠢᠨ ᠤ ᠬᠦᠴᠦ ᠨᠡᠯᠢᠶᠡᠳ ᠶᠡᠬᠡᠰᠴᠦ᠂   ᠵᠡᠬᠦᠨ ᠵᠦᠭ ᠠᠴᠠ 4 — 5 ᠳᠡᠰ ᠤᠨ ᠰᠠᠯᠬᠢ ᠰᠠᠯᠬᠢᠯᠠᠵᠤ ᠪᠠᠶᠢᠭᠰᠠᠨ ᠢᠶᠠᠨ ᠪᠠᠷᠠᠭᠤᠨ ᠬᠤᠶᠢᠨ᠎ᠠ ᠠᠴᠠ 5 — 6 ᠳᠡᠰ ᠤᠨ ᠰᠠᠯᠬᠢ ᠪᠣᠯᠵᠤ ᠰᠠᠯᠬᠢᠯᠠᠨ᠂  ᠴᠠᠭᠠᠨ ᠰᠢᠭᠤᠷᠭ᠎ᠠ ᠲᠡᠭᠳᠡᠨ᠎ᠡ᠃    ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠲᠤᠶᠢᠯᠰᠢᠷᠠᠩᠭᠤᠢ ᠴᠠᠭ ᠠᠭᠤᠷ ᠤᠨ ᠬᠤᠪᠢᠷᠠᠯᠲᠠ ᠶᠢ ᠠᠷᠭᠠᠴᠠᠬᠤ ᠠᠵᠢᠯ ᠢ ᠰᠠᠶᠢᠨ ᠬᠢᠵᠦ᠂ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠬᠤ ᠬᠡᠷᠡᠭᠲᠡᠢ᠃ ᠰᠤᠮᠤ ᠰᠢᠶᠠᠩ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠭᠢ ᠪᠣᠯᠣᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠡᠷᠦᠬᠡ ᠶᠢᠨ ᠴᠡᠷᠢᠭ ᠤᠨ ᠪᠡᠯᠡᠳᠬᠡᠯ ᠠᠩᠬᠢ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠭᠦᠷᠭᠡ ᠴᠢᠳᠠᠮᠵᠢ ᠲᠠᠢ ᠰᠠᠯᠠᠭ᠎ᠠ ᠮᠥᠴᠢᠷ ᠤᠳ  ᠨᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠠᠵᠢᠯ ᠢ ᠰᠠᠶᠢᠨ ᠬᠢᠬᠦ ᠬᠡᠷᠡᠭᠲᠡᠢ᠃  ᠴᠠᠭ ᠠᠭᠤᠷ ᠤᠨ ᠰᠠᠯᠠᠭ᠎ᠠ ᠮᠥᠴᠢᠷ ᠨᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠨ ᠬᠢᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠢᠯᠴᠢ ᠬᠠᠩᠭᠠᠬᠤ ᠠᠵᠤ ᠠᠬᠤᠶᠢᠯᠠᠯ ᠢ ᠱᠠᠭᠠᠷᠳᠠᠨ ᠵᠢᠯᠤᠭᠤᠳᠴᠤ ᠪᠠᠶᠢᠭᠠᠳ ᠲᠤᠯᠠᠭᠠᠯᠠᠭ᠎ᠠ ᠶᠢᠨ ᠪᠠᠳᠤᠯᠠᠭᠠᠨ ᠤ ᠠᠵᠢᠯ ᠢ ᠰᠠᠶᠢᠨ ᠬᠢᠬᠦ ᠭᠡᠷᠡᠭᠳᠡᠢ᠃ ᠬᠤᠲᠠ   ᠶᠢᠨ ᠬᠠᠮᠢᠶᠠᠷᠤᠯᠲᠠ   ᠶᠢᠨ ᠲᠣᠪᠴᠢᠶ᠎ᠠ ᠨᠢ  ᠬᠤᠰᠢᠭᠤ ᠲᠤᠭᠤᠷᠢᠭ ᠤᠨ ᠴᠠᠰᠤ ᠮᠦᠰᠦ ᠠᠷᠢᠯᠭᠠᠬᠤ ᠠᠵᠢᠯ ᠢ ᠰᠠᠶᠢᠨ ᠬᠢᠵᠦ᠂᡽ ᠵᠠᠮ ᠬᠠᠷᠢᠯᠴᠠᠭᠠᠨ ᠤ ᠰᠠᠯᠠᠭ᠎ᠠ ᠮᠥᠴᠢᠷ ᠨᠢ ᠰᠤᠮᠤ ᠰᠢᠶᠠᠩ ᠪᠠᠯᠭᠠᠰᠤ ᠲᠠᠢ ᠬᠠᠮᠲᠤᠷᠠᠨ ᠴᠠᠰᠤ ᠠᠷᠢᠯᠭᠠᠵᠤ ᠵᠠᠮ  ᠨᠡᠪᠳᠡᠷᠡᠬᠦᠯᠬᠦ ᠠᠵᠢᠯ ᠢ ᠰᠠᠶᠢᠨ ᠬᠢᠬᠦ ᠬᠡᠷᠡᠭᠲᠡᠢ  ᠃ ᠵᠠᠰᠠᠭ ᠤᠨ ᠣᠷᠳᠣᠨ ᠤ ᠠᠯᠪᠠᠨ ᠭᠡᠷ ᠪᠣᠯᠣᠨ ᠵᠠᠮ ᠬᠠᠷᠢᠯᠴᠠᠭᠠᠨ ᠤ ᠰᠠᠯᠠᠭ᠎ᠠ ᠮᠥᠴᠢᠷ ᠲᠦᠷᠦᠭᠦᠯᠡᠨ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠰᠠᠯᠠᠭ᠎ᠠ ᠮᠦᠴᠢᠷ ᠤᠨ ᠳᠡᠮᠵᠢᠯᠭᠡ ᠶᠢ  ᠤᠯᠵᠤ᠂ ᠪᠦᠦ — ᠬᠥ᠋ ᠱᠤᠭᠤᠮ ᠤᠨ ᠬᠤᠲᠠ ᠶᠢᠨ ᠲᠡᠭᠦᠷᠭᠡ ᠶᠢᠨ ᠲᠤᠭᠤᠷᠢᠯ ᠵᠠᠮ ᠢ ᠰᠠᠭᠠᠳ ᠦᠭᠡᠢ ᠨᠡᠪᠳᠡᠷᠡᠬᠦᠯᠬᠦ   ᠪᠠᠷ ᠴᠢᠷᠮᠠᠶᠢᠬᠤ ᠬᠡᠷᠡᠭᠲᠡᠢ᠃ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠬᠢ ᠨᠢ  ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠪᠠ ᠠᠪᠤᠷᠠᠨ ᠲᠤᠰᠠᠯᠠᠬᠤ ᠦᠢᠯᠡᠴᠢᠯᠡᠭᠡᠨ ᠤ ᠠᠵᠢᠯ ᠢ ᠰᠠᠶᠢᠨ ᠬᠢᠬᠦ ᠬᠡᠷᠡᠭᠲᠡᠢ  ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠡᠯ᠎ᠡ ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠨ  ᠬᠢᠵᠦ᠂  ᠴᠠᠬᠢᠯᠭᠠᠨ ᠬᠦᠴᠦᠨ ᠤ ᠰᠠᠯᠠᠭ᠎ᠠ ᠮᠥᠴᠢᠷ ᠨᠢ ᠴᠠᠭ ᠠᠭᠤᠷ ᠠᠴᠠ ᠪᠣᠯᠤᠭᠰᠠᠨ ᠴᠠᠬᠢᠯᠭᠠᠨ ᠬᠦᠴᠦᠨ ᠤ ᠰᠠᠭᠠᠳ ᠬᠡᠮ ᠢ  ᠱᠠᠯᠠᠪᠳᠠᠨ ᠵᠠᠰᠠᠬᠤ ᠪᠡᠯᠡᠳᠬᠡᠯ ᠠᠵᠢᠯ ᠢ ᠰᠠᠶᠢᠨ ᠬᠢᠬᠦ ᠬᠡᠷᠡᠭᠲᠡᠢ᠃ ᠡᠯ᠎ᠡ ᠠᠵᠤ ᠠᠬᠤᠶᠢᠯᠠᠯ ᠨᠢ ᠠᠶᠤᠯᠬᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠵᠢᠯ ᠢ ᠰᠠᠶᠢᠨ ᠬᠢᠵᠦ᠂  ᠰᠠᠯᠬᠢ ᠶᠡᠬᠡᠰᠴᠦ ᠲᠡᠭᠷᠢ ᠬᠦᠢᠳᠡᠷᠡᠬᠦ ᠦᠶᠡᠰ ᠥᠨᠳᠥᠷ ᠲᠡᠭᠡᠷ᠎ᠡ ᠠᠵᠢᠯᠯᠠᠬᠤ᠂ ᠭᠡᠷ ᠤᠨ ᠭᠠᠳᠠᠨ᠎ᠠ ᠠᠵᠢᠯᠯᠠᠬᠤ ᠪᠤᠶᠤ ᠪᠤᠰᠤᠳ  ᠠᠶᠤᠯ ᠶᠡᠬᠡᠳᠡᠢ ᠲᠠᠢ ᠠᠵᠢᠯ  ᠬᠦᠳᠡᠯᠮᠦᠷᠢ ᠶᠢ ᠱᠠᠭᠠᠷᠳᠠᠵᠤ ᠵᠣᠭᠰᠤᠭᠠᠬᠤ ᠭᠡᠷᠡᠭᠳᠡᠢ᠃ ᠭᠡᠷ ᠤᠨ ᠭᠠᠳᠠᠨ᠎ᠠ᠂ ᠬᠡᠭᠡᠷ᠎ᠡ ᠭᠠᠳᠠᠨ᠎ᠠ ᠠᠵᠢᠯᠯᠠᠬᠤ ᠬᠦᠮᠦᠰ ᠴᠠᠭ ᠠᠭᠤᠷ ᠤᠨ ᠮᠡᠳᠡᠭᠡᠯᠡᠯ ᠢ ᠴᠠᠭ ᠢᠮᠠᠭᠲᠠ ᠠᠩᠬᠠᠷᠴᠤ᠂ ᠭᠠᠮᠰᠢᠭ ᠠᠴᠠ ᠵᠠᠶᠢᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢ ᠦᠢᠯᠡᠴᠢᠯᠡᠭᠡ ᠪᠠ ᠵᠢᠯᠤᠭᠤᠳᠤᠯᠭ᠎ᠠ ᠶᠢᠨ ᠠᠵᠢᠯ ᠢ ᠰᠠᠶᠢᠨ ᠬᠢᠬᠦ ᠬᠡᠷᠡᠭᠲᠡᠢ᠃  ᠴᠠᠭ ᠠᠭᠤᠷ ᠮᠠᠭᠤᠳᠠᠬᠤ ᠦᠶᠡᠰ᠂ ᠥᠷᠭᠡᠨ ᠣᠯᠠᠨ ᠠᠷᠠᠳ ᠢᠷᠭᠡᠳ ᠭᠡᠷ ᠤᠨ ᠭᠠᠳᠠᠨᠠᠬᠢ ᠬᠥᠳᠡᠯᠭᠡᠭᠡᠨ ᠢᠶᠠᠨ ᠠᠯᠢ ᠴᠢᠳᠠᠬᠤ ᠪᠠᠷ ᠪᠠᠭᠠᠰᠬᠠᠨ᠎ᠠ᠂ ᠦᠨᠳᠦᠷ ᠮᠣᠳᠣ ᠪᠤᠶᠤ ᠫᠠᠶᠢᠰᠠ ᠢᠯᠡᠷᠬᠡᠶᠢᠯᠡᠯ᠂ ᠲᠦᠷ ᠴᠠᠭ ᠤᠨ ᠪᠠᠶᠢᠰᠢᠩ ᠪᠠᠷᠢᠯᠭ᠎ᠠ ᠶᠢᠨ ᠳᠣᠣᠷ᠎ᠠ ᠣᠷᠳᠣ ᠬᠤᠭᠤᠴᠠᠭ᠎ᠠ ᠪᠠᠷ ᠬᠤᠷᠭᠤᠳᠠᠵᠤ ᠪᠣᠯᠬᠤ ᠦᠭᠡᠢ᠃  ᠦᠷᠭᠡᠨ ᠤᠯᠠᠨ ᠮᠠᠯᠴᠢᠨ ᠲᠠᠷᠢᠶᠠᠴᠢᠳ ᠡᠷᠳᠡ ᠠᠴᠠ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠭᠡᠷ ᠪᠠᠶᠢᠰᠢᠩ᠂ ᠬᠠᠰᠢᠶ᠎ᠠ ᠰᠠᠷᠠᠪᠴᠢ᠂  ᠰᠦᠯᠢᠶᠤᠤ ᠬᠦᠯᠡᠮᠵᠢ ᠵᠡᠷᠭᠡ  ᠲᠦᠬᠦᠭᠡᠷᠦᠮᠵᠢ ᠪᠠᠨ ᠪᠠᠬᠢᠯᠡᠨ  ᠂ ᠴᠢᠳᠠᠬᠤ ᠶᠢᠨ ᠳᠣᠲᠣᠷ᠎ᠠ ᠠᠳᠤᠭᠤ ᠮᠠᠯ ᠢᠶᠠᠨ ᠫᠧᠩ ᠰᠠᠷᠠᠪᠴᠢᠨ ᠳᠤ ᠬᠠᠰᠢᠶᠠᠯᠠᠵᠤ ᠮᠠᠯᠵᠢᠬᠤ ᠬᠡᠷᠡᠭᠲᠡᠢ᠃ ᠡᠯ᠎ᠡ ᠠᠵᠢᠯ ᠲᠥᠷᠥᠯ ᠡᠯ᠎ᠡ ᠰᠠᠯᠠᠭ᠎ᠠ ᠮᠥᠴᠢᠷ ᠤᠨ ᠬᠢᠨ ᠡᠨᠡ ᠤᠳᠠᠭᠠᠨ ᠤ ᠴᠠᠭ ᠠᠭᠤᠷ ᠤᠨ ᠪᠠᠶᠢᠳᠠᠯ ᠢ ᠦᠨᠳᠦᠰᠦᠯᠡᠨ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠤᠬᠠᠭᠤᠯᠵᠤ ᠰᠠᠨᠠᠭᠤᠯᠬᠤ ᠠᠵᠢᠯ ᠢ ᠰᠠᠶᠢᠨ ᠬᠢᠵᠦ᠂ ᠬᠦᠨᠳᠦ ᠬᠡᠴᠡᠬᠦᠦ ᠴᠠᠭ ᠠᠭᠤᠷ ᠤᠨ ᠭᠠᠮᠰᠢᠭ ᠠᠴᠠ ᠤᠷᠢᠳᠴᠢᠯᠠᠨ ᠰᠡᠷᠭᠡᠶᠢᠯᠡᠬᠦ ᠠᠵᠢᠯ ᠢ ᠡᠷᠳᠡ ᠠᠴᠠ ᠪᠠᠶᠢᠷᠢᠯᠠᠭᠤᠯᠬᠤ ᠬᠡᠷᠡᠭᠲᠡᠢ᠃      ᠲᠠᠶᠢᠹᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ 0479 ︱ 5238277      ᠲᠠᠶᠢᠹᠤᠰᠧ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ᠄ 0479 ︱ 5222413     ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠄ 119     ᠲᠠᠶᠢᠹᠤᠰᠧ ᠬᠤᠰᠢᠭᠤᠨ ᠤ  ᠬᠦᠨᠪᠤᠯᠠᠭ ᠰᠤᠮᠤ᠄ 0479 ︱ 5887015     ᠲᠠᠶᠢᠹᠤᠰᠧ ᠬᠤᠰᠢᠭᠤᠨ ᠤ ᠪᠤᠤᠴᠠᠩ ᠪᠠᠯᠭᠠᠰᠤ᠄ 0479 ︱ 5222227     ᠲᠠᠶᠢᠹᠤᠰᠧ ᠬᠤᠰᠢᠭᠤᠨ ᠤ ᠶᠦᠩ ᠹᠧᠩ ᠪᠠᠯᠭᠠᠰᠤ᠄ 0479 ︱ 2265107     ᠲᠠᠶᠢᠹᠤᠰᠧ ᠬᠤᠰᠢᠭᠤᠨ ᠤ ᠴᠢᠶᠠᠨ ᠶᠢᠨ ᠭᠧᠦ ᠪᠠᠯᠭᠠᠰᠤ᠄ 0479 ︱ 2265514     ᠲᠠᠶᠢᠹᠦᠰᠧ ᠬᠤᠰᠢᠭᠤᠨ ᠤ  ᠯᠦᠸᠧ ᠲᠦᠸᠧ ᠱᠠᠨ ᠪᠠᠯᠭᠠᠰᠤ᠄ 0479 ︱ 5855017     ᠲᠠᠶᠢᠹᠤᠰᠧ ᠬᠤᠰᠢᠭᠤᠨ ᠤ  ᠬᠤᠩ ᠴᠢ ᠪᠠᠯᠭᠠᠰᠤ᠄ 0479 ︱ 5823064     ᠲᠠᠶᠢᠹᠤᠰᠧ ᠬᠤᠰᠢᠭᠤᠨ ᠤ ᠰᠢᠩ ᠹᠦ᠋ ᠰᠢᠶᠠᠩ᠄ 0479 ︱ 5899968                                            ᠲᠠᠶᠢᠹᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ                         2023 ᠣᠨ ᠤ 12 ᠰᠠᠷ᠎ᠠ ᠶᠢᠨ 12 ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号