ᠪᠤᠤᠴᠠᠩ ᠪᠠᠯᠭᠠᠰᠤ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠳᠠᠭᠠᠳᠬᠠᠯ ᠢ ᠡᠬᠢᠯᠡᠬᠦᠯᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/12/13
  12 ᠰᠠᠷ᠎ᠠ ᠶᠢᠨ 12 ᠤᠨ ᠡᠳᠦᠷ᠂ ᠪᠤᠤᠴᠠᠩ ᠪᠠᠯᠭᠠᠰᠤ 2024 ᠣᠨ ᠤ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠳᠠᠭᠠᠳᠬᠠᠯ ᠤᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠳᠡᠳ᠋ ᠪᠠᠯᠭᠠᠰᠤᠨ ᠳᠠᠷᠤᠭ᠎ᠠ ᠯᠢ ᠰᠧᠨ ᠯᠢᠶᠠᠩ ᠬᠤᠷᠠᠯ ᠢ ᠡᠷᠬᠢᠯᠡᠨ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠬᠤᠶ ᠵᠢᠤᠸᠠᠨ᠂ ᠬᠤᠰᠢᠭᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠶᠠᠩ ᠯᠢ ᠬᠤᠩ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠺᠣᠮᠫᠠᠨᠢ ᠶᠢᠨ ᠲᠠᠶᠢᠹᠤᠰᠧ ᠬᠤᠰᠢᠭᠤᠨ ᠳᠠᠬᠢ ᠰᠠᠯᠪᠤᠷᠢ ᠺᠣᠮᠫᠠᠨᠢ ᠶᠢᠨ ᠳᠠᠭᠠᠭᠠᠮᠠᠯ ᠯᠢᠨ ᠫᠢᠩ᠂ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠠᠯᠪᠠᠨ ᠭᠡᠷ ᠤᠨ ᠡᠷᠬᠢᠯᠡᠭᠴᠢ ᠱᠢ ᠶᠦᠨ ᠵᠢᠴᠢ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠲᠥᠯᠥᠪᠯᠡᠭᠡᠲᠦ ᠦᠷᠡᠵᠢᠯ ᠤᠨ ᠠᠵᠢᠯᠲᠠᠨ ᠬᠤᠷᠠᠯ ᠳᠤ ᠣᠷᠣᠯᠴᠠᠵᠠᠢ᠃ ᠵᠠᠩ ᠾᠦᠢ ᠵᠢᠤᠸᠠᠨ ᠠᠴᠠ 2024 ᠣᠨ ᠤ ᠲᠥᠯᠥᠪᠯᠡᠭᠡᠲᠦ ᠦᠷᠡᠵᠢᠯ ᠤᠨ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠢ ᠥᠪᠡᠷᠲᠡᠭᠡᠨ ᠵᠠᠰᠠᠬᠤ ᠣᠷᠣᠨ ᠤ ᠮᠡᠳᠡᠭᠳᠡᠯ ᠢ ᠤᠯᠠᠮᠵᠢᠯᠠᠭᠰᠠᠨ ᠤ ᠬᠠᠮᠲᠤ 2023 ᠣᠨ ᠤ ᠲᠥᠯᠥᠪᠯᠡᠭᠡᠲᠦ ᠦᠷᠡᠵᠢᠯ ᠤᠨ ᠠᠵᠢᠯ ᠳᠤ ᠪᠠᠶᠢᠷᠢᠯᠠᠭᠤᠯᠤᠯᠲᠠ ᠬᠢᠵᠦ᠂ ᠶᠠᠩ ᠯᠢ ᠬᠤᠩ ᠠᠴᠠ 2023 ᠣᠨ ᠤ ᠪᠥᠬᠦ ᠬᠤᠰᠢᠭᠤᠨ ᠤ ᠲᠥᠯᠥᠪᠯᠡᠭᠡᠲᠦ ᠦᠷᠡᠵᠢᠯ ᠤᠨ ᠳᠠᠭᠠᠳᠬᠠᠯ ᠤᠨ ᠠᠵᠢᠯ ᠢ ᠥᠷᠨᠢᠭᠦᠯᠦᠭᠰᠡᠨ ᠦᠨᠳᠦᠰᠦᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠡᠭᠦᠷᠭᠡ ᠪᠠᠨ ᠪᠡᠶᠡᠯᠡᠭᠦᠯᠦᠭᠰᠡᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠵᠤ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠲᠠᠢ 2024 ᠣᠨ ᠤ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠳᠠᠭᠠᠳᠬᠠᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠪᠠ᠃ ᠯᠢᠨ ᠫᠢᠩ ᠠᠴᠠ 2024 ᠣᠨ ᠤ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠵᠦ᠂  ᠳᠠᠭᠠᠳᠬᠠᠯ ᠤᠨ ᠠᠭᠤᠯᠭ᠎ᠠ᠂ ᠠᠯᠬᠤᠮ ᠶᠠᠪᠤᠴᠠ ᠵᠢᠴᠢ ᠠᠩᠬᠠᠷᠬᠤ ᠵᠦᠢᠯᠡᠰ ᠤᠨ ᠲᠤᠬᠠᠢ ᠨᠠᠷᠢᠨ ᠲᠠᠶᠢᠯᠤᠮᠵᠢ ᠬᠢᠭᠰᠡᠨ ᠪᠠᠶᠢᠨ᠎ᠠ᠃ ᠬᠤᠷᠠᠯ ᠠᠴᠠ  ᠂ ᠲᠥᠯᠥᠪᠯᠡᠭᠡᠲᠦ ᠦᠷᠡᠵᠢᠯ ᠤᠨ ᠳᠠᠭᠠᠳᠬᠠᠯ ᠤᠨ ᠠᠵᠢᠯ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ   ᠬᠢᠨ ᠦᠵᠡᠯ ᠲᠠᠨᠢᠯᠲᠠ ᠪᠠᠨ ᠳᠡᠭᠡᠭᠰᠢᠯᠡᠭᠦᠯᠵᠦ᠂ ᠲᠡᠷᠢᠭᠦᠨ ᠤ ᠠᠷᠭ᠎ᠠ ᠲᠤᠷᠰᠢᠯᠭ᠎ᠠ ᠶᠢ ᠰᠤᠷᠤᠯᠴᠠᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠳᠠᠭᠠᠳᠬᠠᠯ ᠤᠨ ᠲᠤᠬᠠᠢ ᠠᠷᠠᠳ ᠢᠷᠭᠡᠳ ᠤᠨ ᠣᠶᠢᠯᠠᠭᠠᠯᠲᠠ ᠪᠠ ᠲᠠᠨᠢᠯᠲᠠ ᠶᠢ ᠤᠯᠠᠮ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号