ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠬᠦᠳ ᠲᠤ ᠦᠭᠬᠦ ᠤᠷᠢᠶᠠᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/12/15
ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠨᠠᠮ ᠤᠨ ᠭᠡᠰᠢᠬᠦᠳ  ᠲᠤ᠄     ᠴᠠᠰᠤ  ᠵᠤᠳ ᠢ ᠪᠦᠲᠦᠮᠵᠢᠲᠡᠶ ᠠᠷᠭᠠᠴᠠᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠬᠦᠳ  ᠲᠤ ᠳᠣᠣᠷᠠᠬᠢ ᠮᠡᠲᠦ ᠤᠷᠢᠶᠠᠯᠠᠭ᠎ᠠ ᠶᠢ ᠭᠠᠷᠭᠠᠯ᠎ᠠ᠄    ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠠᠷᠠᠳ ᠣᠯᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠦᠢᠯᠡᠳᠪᠦᠷᠢᠯᠡᠯ ᠠᠮᠢᠳᠤᠷᠠᠯ ᠤᠨ ᠭᠡᠪ ᠤᠨ ᠪᠠᠶᠢᠳᠠᠯ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠦᠳᠲᠡᠷ ᠲᠦᠷᠭᠡᠨ ᠵᠣᠬᠢᠶᠠᠨ ᠪᠠᠶᠢᠭᠤᠯᠤᠯᠴᠠᠵᠤ᠂   ᠴᠠᠰᠤ ᠮᠦᠰᠦ ᠶᠢ ᠠᠷᠢᠯᠭᠠᠵᠤ᠂  ᠵᠠᠮ ᠨᠡᠪᠲᠡᠷᠡᠯᠭᠡ ᠶᠢ ᠪᠠᠳᠤᠯᠠᠬᠤ ᠠᠵᠢᠯ ᠳᠤ ᠪᠥᠬᠦ ᠬᠦᠴᠦᠨ ᠢᠶᠠᠷ ᠤᠷᠤᠯᠴᠠᠵᠠᠭᠠᠶ᠎ᠠ᠃     ᠪᠥᠬᠦ ᠬᠤᠰᠢᠭᠤᠨ ᠤ ᠡᠯ᠎ᠡ ᠨᠠᠮ ᠤᠨ ᠡᠭᠦᠷ ᠤᠨ ᠬᠢᠨ ᠬᠦᠳᠦᠯᠦᠨ ᠲᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠴᠠᠰᠤ ᠮᠥᠰᠥ ᠠᠷᠢᠯᠭᠠᠬᠤ ᠲᠠᠶᠢᠨ ᠤ ᠹᠠᠷᠤᠨᠲ ᠳᠤ ᠲᠠᠶᠢᠴᠢᠨ ᠪᠠᠬᠢᠯᠡᠯᠳᠡ ᠶᠢᠨ ᠡᠭᠦᠷᠭᠡ ᠬᠠᠷᠢᠭᠤᠴᠠᠯᠭ᠎ᠠ ᠪᠠᠨ  ᠬᠦᠢᠴᠡᠳᠭᠡᠬᠦ ᠬᠡᠷᠡᠭᠲᠡᠢ᠃ ᠡᠯ᠎ᠡ  ᠰᠠᠯᠠᠭ᠎ᠠ ᠮᠥᠴᠢᠷ ᠤᠨ ᠨᠠᠮ ᠤᠨ ᠡᠭᠦᠷ ᠨᠢ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠢᠳᠡᠪᠬᠢᠲᠡᠢ ᠠᠷᠭ᠎ᠠ ᠪᠣᠳᠣᠯᠭ᠎ᠠ ᠠᠪᠴᠤ᠂ ᠬᠠᠮᠢᠶ᠎ᠠ ᠪᠦᠬᠦᠢ ᠠᠵᠢᠯ ᠲᠦᠷᠦᠯ ᠤᠨ ᠬᠦᠷᠢᠶ᠎ᠡ ᠴᠠᠷᠠᠭ᠎ᠠ ᠶᠢ ᠵᠢᠯᠣᠭᠤᠳᠤᠨ  ᠂ ᠤᠷᠢᠳᠴᠢᠯᠠᠨ ᠰᠡᠷᠭᠡᠶᠢᠯᠡᠬᠦ ᠠᠷᠭ᠎ᠠ ᠠᠪᠴᠢᠯ ᠢ ᠰᠠᠶᠢᠲᠤᠷ  ᠭᠡᠷᠡᠭᠵᠢᠬᠦᠯᠵᠦ᠂  ᠢᠯᠠᠩᠭᠤᠶ᠎ᠠ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠴᠠᠬᠢᠯᠭᠠᠨ ᠬᠠᠩᠭᠠᠬᠤ᠂ ᠤᠰᠤ ᠬᠠᠩᠭᠠᠬᠤ ᠵᠡᠷᠭᠡ ᠰᠠᠯᠠᠭ᠎ᠠ ᠮᠥᠴᠢᠷ  ᠤᠨ ᠬᠢᠨ ᠭᠤᠣᠯ ᠬᠦᠴᠦᠨ ᠤ ᠦᠢᠯᠡᠳᠦᠯ ᠢᠶᠠᠨ  ᠪᠠᠳᠠᠷᠠᠭᠤᠯᠤᠨ᠂  ᠭᠠᠮᠰᠢᠭ ᠲᠠᠢ ᠲᠡᠮᠡᠴᠡᠬᠦ ᠲᠠᠶᠢᠨ ᠳᠤ ᠤᠷᠤᠯᠴᠠᠬᠤ ᠪᠠᠷ ᠴᠠᠭ ᠢᠮᠠᠭᠲᠠ ᠪᠡᠯᠡᠬᠡᠨ ᠪᠠᠶᠢᠵᠠᠭᠠᠶ᠎ᠠ᠃      ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠬᠦᠳ ᠪᠡᠶ᠎ᠡ ᠪᠠᠷ ᠢᠶᠠᠨ ᠭᠡᠪ ᠲᠠᠭᠤᠷᠢᠶᠠᠯ ᠪᠤᠯᠵᠤ᠂  ᠴᠠᠰᠤ ᠮᠥᠰᠥ ᠠᠷᠢᠯᠭᠠᠬᠤ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ  ᠬᠤᠪᠢᠳᠠᠨ ᠳᠠᠭᠠᠭᠠᠴᠢᠯᠠᠠᠭᠰᠠᠨ ᠰᠠᠭᠤᠭᠠᠯᠢ ᠲᠣᠭᠤᠷᠢᠭ ᠪᠠ ᠴᠡᠪᠡᠷᠯᠡᠭᠡ ᠶᠢᠨ ᠲᠣᠭᠤᠷᠢᠭ ᠲᠠᠭᠠᠨ ᠭᠦᠨᠵᠡᠭᠡᠶᠢᠷᠡᠵᠦ᠂ ᠠᠯᠪᠠᠨ ᠵᠢᠷᠤᠮ ᠤᠨ ᠴᠠᠰᠤ ᠴᠡᠪᠡᠷᠯᠡᠬᠦ ᠠᠵᠢᠯᠯᠠᠭ᠎ᠠ ᠦᠷᠨᠢᠬᠦᠯᠦᠨ᠂  ᠠᠷᠠᠳ ᠢᠷᠭᠡᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ   ᠪᠠᠷ ᠴᠢᠷᠮᠠᠶᠢᠨ᠎ᠠ᠃ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ︽ ᠬᠤᠰᠢᠭᠤᠴᠢ ᠬᠤᠨ︾  ᠤ ᠦᠢᠯᠡᠳᠦᠯ ᠢᠶᠠᠨ ᠪᠠᠳᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠳ ᠢ ᠤᠷᠢᠶᠠᠯᠠᠨ᠂ ᠮᠠᠯᠴᠢᠨ ᠲᠠᠷᠢᠶᠠᠴᠢᠨ ᠳᠤ  ᠴᠠᠰᠤ ᠵᠤᠳ ᠢ ᠰᠡᠷᠭᠡᠶᠢᠯᠡᠬᠦ ᠪᠡᠯᠡᠳᠬᠡᠯ  ᠢᠶᠠᠨ ᠰᠠᠶᠢᠨ ᠬᠢᠬᠦ ᠶᠢ ᠰᠠᠨᠠᠭᠤᠯᠬᠤ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ ᠢ ᠰᠠᠶᠢᠳᠤᠷ ᠭᠡᠷᠡᠭᠵᠢᠬᠦᠯᠵᠦ᠂ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤᠨᠢ ᠠᠷᠭᠠᠴᠠᠬᠤ ᠬᠡᠷᠡᠭᠲᠡᠢ᠃      ᠨᠠᠮ ᠤᠨ ᠲᠤᠭ ᠨᠠᠮᠢᠷᠠᠭᠰᠠᠨ ᠭᠠᠵᠠᠷ ᠲᠤ ᠨᠠᠷᠠᠨ ᠲᠤᠶᠠᠭᠠᠷᠠᠵᠤ ᠡᠬᠦᠯᠡ ᠠᠷᠢᠯᠤᠨᠠᠮ᠃ ᠲᠤᠯᠵᠤ ᠢᠷᠡᠭᠰᠡᠨ ᠭᠠᠮᠰᠢᠭ ᠵᠤᠳ ᠤᠨ ᠡᠮᠦᠨ᠎ᠡ ᠪᠢᠳᠠ ᠪᠦᠬᠦᠨ ᠬᠠᠮᠲᠤ ᠪᠠᠷ ᠴᠢᠷᠮᠠᠶᠢᠵᠠᠭᠠᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠭᠡᠰᠢᠭᠦᠨ ᠤ ᠡᠬᠦᠷᠭᠡ ᠬᠠᠷᠢᠭᠤᠴᠠᠯᠭ᠎ᠠ   ᠪᠠᠨ ᠬᠦᠢᠴᠡᠳᠭᠡᠵᠦ᠂ ᠵᠣᠬᠢᠶᠠᠨ ᠪᠠᠶᠢᠭᠤᠯᠤᠯᠲᠠ ᠶᠢᠨ ᠢᠶᠠᠨ ᠲᠠᠶᠢᠴᠢᠨ ᠬᠦᠴᠦᠨ ᠢ ᠢᠯᠡᠷᠡᠬᠦᠯᠰᠦᠬᠡᠢ︕                                                                                       ᠲᠤᠮᠳᠠᠳᠤ ᠤᠯᠤᠰ ᠤᠨ ᠡᠪ ᠬᠠᠮᠳᠤ ᠨᠠᠮ ᠤᠨ ᠲᠠᠶᠢᠹᠤᠰᠧ                        ᠬᠤᠰᠢᠭᠤᠨ ᠤ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                                                                                                                      2023 ᠣᠨ ᠤ 12 ᠰᠠᠷ᠎ᠠ ᠶᠢᠨ 15 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号