ᠵᠠᠮ ᠢ ᠨᠡᠪᠳᠡᠷᠡᠬᠦᠯᠦᠨ ᠲᠤᠯᠠᠭᠠᠯᠠᠭ᠎ᠠ ᠶᠢ ᠰᠠᠶᠢᠵᠢᠷᠠᠭᠤᠯᠵᠤ ᠠᠷᠠᠳ ᠤᠨ ᠠᠮᠢᠳᠤᠷᠠᠯ ᠢ ᠪᠠᠲᠤᠯᠠᠨ᠎ᠠ
ᠨᠡᠶᠢᠲᠡᠯᠡᠭᠰᠡᠨ ᠴᠠᠭ᠄
2023/12/18
  12 ᠰᠠᠷ᠎ᠠ ᠶᠢᠨ 14 ᠤ ᠡᠳᠦᠷ᠂ ᠬᠦᠢᠲᠡᠨ ᠠᠭᠤᠷ ᠠᠮᠢᠰᠬᠤᠯ ᠤᠨ ᠨᠦᠯᠦᠭᠡ ᠪᠠᠷ ᠲᠠᠶᠢᠹᠤᠰᠧ ᠬᠤᠰᠢᠭᠤᠨ ᠳᠤ ᠶᠡᠭᠡ ᠴᠠᠰᠤ ᠣᠷᠣᠵᠤ᠂ ᠠᠭᠤᠷ ᠠᠮᠢᠰᠬᠤᠯ ᠬᠦᠢᠳᠡᠷᠡᠭᠡᠳ᠂  ᠵᠠᠮ ᠬᠠᠷᠢᠯᠴᠠᠭ᠎ᠠ ᠪᠠ ᠦᠢᠯᠡᠳᠪᠦᠷᠢᠯᠡᠯ ᠠᠮᠢᠳᠤᠷᠠᠯ ᠳᠤ  ᠪᠠᠭ᠎ᠠ ᠪᠤᠰᠤ ᠬᠦᠴᠢᠷᠳᠡᠯ ᠠᠪᠴᠢᠷᠠᠭᠰᠠᠨ ᠪᠠᠶᠢᠨ᠎ᠠ᠃ ᠡᠨᠡᠬᠦ ᠪᠠᠶᠢᠳᠠᠯ ᠳᠤ ᠴᠢᠭᠯᠡᠬᠦᠯᠦᠨ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠵᠠᠮ ᠬᠠᠷᠢᠯᠴᠠᠭ᠎ᠠ  ᠶᠢ ᠰᠠᠭᠠᠳ ᠦᠭᠡᠢ  ᠨᠡᠪᠳᠡᠷᠡᠬᠦᠯᠦᠨ᠂  ᠬᠤᠳᠠ ᠪᠠᠯᠭᠠᠰᠤᠨ ᠤ ᠲᠤᠯᠠᠭᠠᠯᠠᠭ᠎ᠠ ᠶᠢ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠭᠡᠪ ᠢᠶᠠᠷ ᠶᠠᠪᠤᠭᠳᠠᠬᠤ ᠪᠠᠷ ᠪᠠᠳᠤᠯᠠᠵᠤ ᠪᠠᠶᠢᠨ᠎ᠠ᠃       ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠴᠠᠰᠤ ᠮᠥᠰᠥ ᠠᠷᠢᠯᠭᠠᠬᠤ ᠠᠵᠢᠯ ᠢ ᠦᠳᠲᠡᠷ ᠲᠦᠷᠭᠡᠨ ᠥᠷᠨᠢᠭᠦᠯᠵᠦ᠂ ᠬᠥᠮᠥᠨ ᠤ ᠬᠦᠴᠦ ᠪᠠᠷ ᠠᠷᠢᠯᠭᠠᠬᠤ ᠪᠠ ᠮᠠᠰᠢᠨ ᠢᠶᠠᠷ ᠠᠷᠢᠯᠭᠠᠬᠤ ᠠᠷᠭ᠎ᠠ ᠶᠢ ᠵᠡᠷᠭᠡᠪᠡᠷ ᠭᠡᠷᠡᠭᠵᠢᠬᠦᠯᠦᠨ᠂  ᠬᠤᠰᠢᠭᠤ ᠲᠤᠭᠤᠷᠢᠭ ᠤᠨ ᠭᠤᠣᠯ ᠵᠠᠮ ᠢ ᠲᠠᠬᠢᠨ ᠳᠠᠪᠲᠠᠨ ᠴᠡᠪᠡᠷᠯᠡᠵᠦ᠂  ᠣᠪᠣᠭᠠᠷᠠᠭᠰᠠᠨ ᠴᠠᠰᠤ ᠶᠢ ᠴᠠᠭ ᠲᠤᠬᠠᠢ ᠳᠤᠨᠢ ᠲᠡᠭᠡᠭᠡᠪᠦᠷᠢᠯᠡᠵᠦ ᠪᠠᠶᠢᠨ᠎ᠠ᠃     ᠬᠤᠭ ᠨᠣᠪᠰᠢ ᠰᠢᠢᠳᠪᠦᠷᠢᠯᠡᠬᠦ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠨ ᠰᠥᠩ ᠰᠢᠶᠣᠣ ᠯᠢᠨ᠄  ︽ᠤᠷᠤᠭᠰᠠᠨ ᠴᠠᠰᠤ ᠶᠢ ᠲᠦᠷᠭᠡᠨ ᠠᠷᠢᠯᠭᠠᠬᠤ ᠶᠢᠨ ᠲᠥᠯᠥᠭᠡ᠂ ᠪᠥᠬᠦ ᠬᠤᠰᠢᠭᠤᠨ ᠤ ᠴᠡᠪᠡᠷᠯᠡᠭᠡ ᠶᠢᠨ ᠠᠵᠢᠯᠲᠠᠳ ᠪᠦᠷ ᠠᠵᠢᠯ ᠤᠨ  ᠪᠠᠶᠢᠷᠢ ᠳᠠᠭᠠᠨ ᠭᠠᠷᠴᠠᠢ᠂  ᠤᠳᠤᠬᠠᠨ 11 ᠰᠠᠤᠷᠢ ᠲᠣᠮᠣ ᠬᠡᠯᠪᠡᠷᠢ ᠶᠢᠨ ᠴᠠᠰᠤ  ᠠᠷᠢᠯᠭᠠᠬᠤ ᠮᠠᠰᠢᠨ ᠢ ᠵᠡᠷᠭᠡᠪᠡᠷ ᠠᠵᠢᠯᠯᠠᠭᠤᠯᠵᠤ᠂ ᠴᠠᠰᠤ ᠠᠷᠢᠯᠭᠠᠬᠤ ᠠᠵᠢᠯ ᠳᠤ ᠪᠥᠬᠦ ᠬᠦᠴᠦᠨ ᠢᠶᠠᠷ ᠣᠷᠣᠯᠴᠠᠵᠤ ᠪᠠᠶᠢᠨ᠎ᠠ︾᠃     ᠴᠠᠰᠤ ᠤᠷᠤᠵᠤ ᠲᠡᠭᠷᠢ ᠬᠦᠢᠳᠡᠷᠡᠬᠦ ᠶᠢ ᠲᠠᠭᠠᠯᠳᠤᠭᠠᠳ᠂ ᠢᠯᠴᠢ ᠬᠠᠩᠭᠠᠬᠤ ᠰᠠᠯᠠᠭ᠎ᠠ ᠮᠥᠴᠢᠷ ᠤᠨ ᠬᠢᠨ ᠴᠤ ᠢᠯᠴᠢ ᠨᠡᠮᠡᠭᠳᠡᠭᠦᠯᠬᠦ ᠠᠵᠢᠯ ᠢᠶᠠᠨ ᠴᠢᠩᠭᠠᠳᠬᠠᠵᠤ᠂ ᠢᠯᠴᠢ ᠬᠠᠩᠭᠠᠬᠤ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠠᠵᠢᠯᠲᠠᠳ ᠢᠶᠠᠨ ᠵᠤᠬᠢᠶᠠᠨ ᠪᠠᠶᠢᠭᠤᠯᠵᠤ ᠢᠯᠴᠢ ᠰᠤᠯᠢᠭᠳᠠᠭᠤᠯᠬᠤ ᠥᠷᠲᠡᠭᠡ᠂  ᠢᠯᠴᠢ ᠬᠠᠩᠭᠠᠬᠤ ᠲᠥᠬᠦᠭᠡᠷᠦᠮᠵᠢ ᠶᠢ ᠪᠥᠬᠦ ᠲᠠᠯ᠎ᠠ ᠪᠠᠷ ᠤᠷᠢᠳᠴᠢᠯᠠᠨ ᠪᠠᠶᠢᠴᠠᠭᠠᠵᠤ᠂ ᠡᠯ᠎ᠡ ᠲᠦᠷᠦᠯ ᠤᠨ ᠢᠯᠴᠢ ᠬᠠᠩᠭᠠᠬᠤ  ᠪᠠᠳᠤᠯᠠᠭᠠᠨ ᠤ ᠠᠵᠢᠯ ᠢ ᠪᠥᠬᠦ ᠬᠦᠴᠦᠨ ᠢᠶᠠᠷ ᠰᠠᠶᠢᠨ ᠬᠢᠵᠦ᠂ ᠢᠯᠴᠢ ᠬᠠᠩᠭᠠᠬᠤ ᠰᠢᠰᠲ᠋ᠧᠮ ᠤᠨ ᠠᠮᠤᠷ  ᠲᠣᠭᠲᠠᠭᠤᠨ᠂ ᠥᠨᠳᠥᠷ ᠪᠦᠲᠦᠮᠵᠢᠲᠡᠶ  ᠠᠵᠢᠯᠯᠠᠬᠤ ᠶᠢ  ᠪᠠᠳᠤᠯᠠᠵᠤ ᠪᠠᠶᠢᠨ᠎ᠠ᠃      ᠰᠢᠨ ᠭᠠᠩ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠨ ᠼᠤᠤ ᠭᠦᠸᠧ ᠴᠢᠩ᠄ ︽ᠮᠠᠨ ᠤ ᠺᠣᠮᠫᠠᠨᠢ ᠨᠢ 12 ᠰᠠᠷ᠎ᠠ ᠶᠢᠨ 9 ᠤ ᠡᠳᠦᠷ ᠠᠴᠠ ᠪᠠᠴᠢᠮ ᠪᠠᠶᠢᠳᠠᠯ ᠢ ᠠᠷᠭᠠᠴᠠᠬᠤ  ᠲᠦᠰᠦᠪ ᠭᠠᠷᠭᠠᠵᠤ᠂  10 ᠤ ᠡᠳᠦᠷ ᠠᠴᠠ ᠡᠬᠢᠯᠡᠨ ᠲᠤᠯᠠᠭᠠᠯᠠᠭ᠎ᠠ ᠶᠢᠨ ᠬᠡᠮᠵᠢᠶ᠎ᠡ ᠶᠢ ᠠᠯᠬᠤᠮ ᠠᠯᠬᠤᠮ ᠢᠶᠠᠷ  ᠲᠡᠭᠡᠭᠰᠢᠯᠡᠬᠦᠯᠵᠡᠢ᠂  ᠪᠢᠳᠡ ᠪᠠᠰᠠ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠵᠤ᠂ 24 ᠴᠠᠭ ᠢᠶᠠᠷ ᠵᠠᠷᠯᠢᠭ ᠵᠠᠬᠢᠶ᠎ᠠ ᠶᠢ ᠬᠦᠯᠢᠶᠡᠨ᠂  ᠬᠦᠮᠦᠨ ᠤ ᠬᠦᠴᠦᠨ ᠪᠠ ᠲᠣᠨᠤᠭ ᠲᠥᠬᠦᠭᠡᠷᠦᠮᠵᠢ ᠶᠢᠨ ᠲᠠᠯ᠎ᠠ ᠪᠠᠷ ᠪᠦᠷ ᠭᠦᠢᠴᠡᠳ ᠪᠡᠯᠡᠳᠬᠡᠯ ᠬᠢᠭᠡᠳ ᠪᠠᠶᠢᠭ᠎ᠠ︾  ᠃      ᠴᠠᠭ ᠠᠭᠤᠷ ᠤᠨ ᠰᠠᠯᠠᠭ᠎ᠠ ᠮᠥᠴᠢᠷ  ᠤᠨ ᠮᠡᠳᠡᠭᠡᠯᠡᠭᠰᠡᠨ ᠢᠶᠠᠷ᠂  ᠦᠨᠦᠷ ᠰᠥᠨᠢ ᠠᠴᠠ ᠮᠠᠷᠭᠠᠰᠢ ᠪᠣᠯᠲᠠᠯ᠎ᠠ ᠲᠠᠶᠢᠹᠤᠰᠧ ᠬᠤᠰᠢᠭᠤᠨ ᠳᠤ  ᠦᠷᠬᠦᠯᠵᠢᠯᠡᠨ ᠳᠤᠮᠳᠠ ᠵᠡᠷᠭᠡ ᠶᠢᠨ ᠴᠠᠰᠤ ᠣᠷᠣᠵᠤ᠂ ᠬᠡᠰᠡᠭ ᠭᠠᠵᠠᠷ ᠲᠤ ᠶᠡᠭᠡ ᠴᠠᠰᠤ ᠣᠷᠣᠵᠤ ᠰᠢᠭᠤᠷᠭᠠᠯᠠᠨ᠂ 16 ᠤ ᠡᠳᠦᠷ ᠴᠠᠰᠤ ᠤᠷᠤᠬᠤ ᠪᠠᠨ ᠵᠤᠭᠰᠤᠵᠤ᠂ ᠠᠭᠠᠷ ᠤᠨ ᠳᠤᠯᠠᠭᠠᠨ ᠦᠷᠭᠦᠯᠵᠢᠯᠡᠨ ᠲᠤᠷᠤᠭᠰᠢᠯᠠᠬᠤ  ᠬᠠᠨᠳᠤᠰᠢ ᠲᠠᠢ᠃     ᠠᠳᠡ᠂ ᠥᠷᠭᠡᠨ ᠣᠯᠠᠨ ᠰᠠᠭᠤᠭᠠᠯᠢ ᠠᠷᠠᠳ ᠭᠠᠳᠠᠭᠰᠢ ᠭᠠᠷᠬᠤ ᠳᠠᠭᠠᠨ ᠠᠮᠤᠷ ᠲᠦᠪᠰᠢᠨ ᠢ ᠠᠩᠬᠠᠷᠴᠤ᠂ ᠨᠠᠰᠤᠲᠠᠶᠢᠴᠤᠳ ᠪᠠ ᠬᠡᠦᠬᠡᠳ ᠭᠠᠳᠠᠭᠰᠢ ᠭᠠᠷᠬᠤ ᠪᠠᠨ ᠠᠯᠢ ᠴᠢᠳᠠᠬᠤ ᠪᠠᠷ ᠪᠠᠭᠠᠰᠬᠠᠨ᠂ ᠬᠠᠯᠲᠤᠷᠢᠬᠤ ᠠᠴᠠ  ᠰᠡᠷᠭᠡᠶᠢᠯᠡᠵᠦ ᠬᠦᠢᠲᠡᠨ ᠠᠴᠠ ᠰᠡᠷᠭᠡᠶᠢᠯᠡᠬᠦ ᠶᠢ ᠰᠠᠨᠠᠭᠤᠯᠤᠶ᠎ᠠ᠃  ᠮᠦᠨ ᠴᠤ ᠥᠷᠭᠡᠨ ᠣᠯᠠᠨ ᠵᠢᠯᠣᠭᠤᠴᠢ ᠨᠠᠶᠢᠵᠠ ᠨᠠᠷ ᠲᠤ  ᠮᠠᠰᠢᠨ ᠤ ᠬᠤᠷᠳᠤ ᠪᠠᠨ ᠪᠠᠭᠤᠷᠠᠭᠤᠯᠵᠤ᠂  ᠬᠤᠭᠤᠷᠤᠨᠳᠤᠬᠢ ᠵᠠᠢ   ᠪᠠᠨ ᠠᠩᠬᠠᠷᠬᠤ ᠶᠢᠨ ᠬᠠᠮᠳᠤ᠂  ᠣᠭᠵᠣᠮ ᠮᠤᠰᠬᠢᠬᠤ  ᠂  ᠪᠠᠴᠢᠮ ᠲᠤᠷᠮᠤᠰᠯᠠᠬᠤ᠂  ᠵᠠᠮ  ᠪᠤᠯᠢᠶᠠᠯᠴᠠᠬᠤ ᠶᠢ ᠴᠡᠭᠡᠷᠯᠡᠵᠦ᠂  ᠦᠪᠡᠷᠦᠨ ᠪᠡᠶ᠎ᠡ ᠪᠠ ᠦᠷᠦᠭᠡᠯ ᠪᠤᠰᠤᠳ ᠤᠨ ᠠᠮᠤᠷ ᠲᠦᠪᠰᠢᠨ ᠢ  ᠪᠠᠳᠤᠯᠠᠭᠠᠰᠠᠢ ᠬᠡᠮᠡᠨ ᠰᠠᠨᠠᠭᠤᠯᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号