ᠴᠢᠶᠠᠨ ᠶᠢᠨ ᠭᠧᠦ ᠪᠠᠯᠭᠠᠰᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2023/12/18
 12 ᠰᠠᠷ᠎ᠠ ᠶᠢᠨ 15 ᠤ ᠡᠳᠦᠷ᠂ ᠴᠢᠶᠠᠨ ᠶᠢᠨ ᠭᠧᠦ ᠪᠠᠯᠭᠠᠰᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠬᠤ ᠬᠤᠷᠠᠯ ᠬᠢᠵᠦ᠂ ᠨᠠᠮ ᠤᠨ ᠬᠤᠷᠢᠶᠠᠨ ᠤ ᠱᠦᠵᠢ ᠭᠤᠸ ᠶᠢᠩ ᠵᠦᠸᠧ ᠬᠤᠷᠠᠯ   ᠢ ᠡᠷᠭᠢᠯᠡᠨ ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂  ᠠᠶᠢᠮᠠᠭ ᠬᠤᠰᠢᠭᠤᠨ ᠤ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠲᠠᠶᠢᠹᠤᠰᠧ ᠬᠤᠰᠢᠭᠤᠨ ᠤ ᠱᠠᠰᠢᠨ ᠰᠤᠷᠲᠠᠬᠤᠨ ᠤ ᠬᠦᠷᠢᠶ᠎ᠡ ᠴᠠᠷᠠᠭᠠᠨ ᠳᠠᠬᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠲᠦᠰᠦᠪ ︵ᠬᠡᠷᠡᠭᠵᠢᠭᠦᠯᠬᠦ︶︾ ᠢ ᠰᠤᠷᠤᠯᠴᠠᠨ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ  ᠤᠨ ᠪᠡᠶᠡᠯᠡᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠡᠬᠦᠷᠭᠡ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠬᠤᠷᠠᠯ ᠠᠴᠠ᠂  ᠪᠠᠯᠭᠠᠰᠤᠨ ᠤ ᠤᠳᠤᠷᠢᠳᠤᠯᠭ᠎ᠠ ᠨᠠᠷ ᠳᠠᠭᠠᠭᠠᠴᠢᠯᠠᠭᠰᠠᠨ ᠨᠠᠮ ᠤᠨ ᠡᠭᠦᠷ ᠤᠨ ᠬᠢ ᠪᠠᠨ ᠵᠢᠯᠣᠭᠤᠳᠤᠯᠭ᠎ᠠ ᠶᠢ ᠴᠢᠩᠭᠠᠳᠬᠠᠵᠤ᠂ ᠡᠯ᠎ᠡ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠠᠬᠢᠭᠤᠯᠬᠤ ᠭᠡᠷᠡᠭᠳᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠨᠢ ᠡᠯ᠎ᠡ ᠨᠠᠮ ᠤᠨ ᠡᠭᠦᠷ ᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠲᠦᠷᠦᠯ ᠤᠨ ᠠᠵᠢᠯ  ᠡᠭᠦᠷᠭᠡ ᠶᠢ  ᠱᠠᠭᠠᠷᠳᠠᠯᠭ᠎ᠠ ᠶᠣᠰᠣᠭᠠᠷ ᠰᠠᠶᠢᠲᠤᠷ ᠥᠷᠨᠢᠭᠦᠯᠬᠦ ᠬᠡᠷᠡᠭᠲᠡᠢ᠃  ᠣᠨᠴᠠᠭᠠᠶ ᠴᠠᠭ ᠠᠭᠤᠷ ᠢ ᠰᠡᠷᠭᠡᠶᠢᠯᠡᠨ ᠠᠷᠭᠠᠴᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ  ᠂  ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂  ᠪᠠᠯᠭᠠᠰᠤᠨ ᠤ ᠤᠳᠤᠷᠢᠳᠤᠯᠭ᠎ᠠ ᠨᠠᠷ ᠡᠯ᠎ᠡ ᠲᠤᠰᠬᠤᠨ ᠳᠤ ᠭᠦᠨᠵᠡᠭᠡᠶᠢᠷᠡᠨ ᠴᠠᠰᠤ  ᠠᠷᠢᠯᠭᠠᠵᠤ ᠵᠠᠮ ᠨᠡᠪᠳᠡᠷᠡᠬᠦᠯᠬᠦ ᠠᠵᠢᠯ ᠢ ᠴᠠᠭ ᠲᠤᠬᠠᠢ ᠳᠤᠨᠢ ᠱᠠᠭᠠᠷᠳᠠᠨ ᠪᠡᠶᠡᠯᠡᠬᠦᠯᠵᠦ᠂ ᠵᠠᠮ ᠬᠠᠷᠢᠯᠴᠠᠭ᠎ᠠ ᠳᠥᠭᠦᠮ ᠦᠭᠡᠢ ᠠᠴᠠ ᠪᠣᠯᠵᠤ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠨᠦᠯᠦᠭᠡᠯᠡᠭᠳᠡᠬᠦ ᠠᠴᠠ ᠰᠡᠷᠭᠡᠶᠢᠯᠡᠬᠦ ᠭᠡᠷᠡᠭᠳᠡᠢ  ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠡᠯ᠎ᠡ ᠲᠦᠷᠦᠯ ᠤᠨ ᠠᠵᠢᠯ ᠢ ᠨᠢᠮᠪᠠᠢ ᠮᠦᠷᠳᠡᠭᠡᠨ ᠪᠣᠳᠠᠲᠠᠢ ᠪᠠᠷ ᠬᠢᠵᠦ᠂ ᠲᠠᠩᠰᠠ ᠮᠠᠲ᠋ᠧᠷᠢᠶᠠᠯ ᠢ  ᠪᠦᠷᠢᠨᠰᠢᠬᠦᠯᠦᠨ᠂ ᠠᠵᠢᠯ ᠤᠨ ᠰᠠᠭᠤᠷᠢ ᠶᠢ ᠪᠠᠲᠤᠳᠬᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠰᠠᠬᠢᠵᠤ᠂ ᠵᠢᠯ ᠤᠨ ᠡᠴᠦᠰ ᠤᠨ ᠬᠢᠨᠠᠨ ᠰᠢᠯᠭᠠᠯᠲᠠ ᠳᠤ ᠪᠦᠬᠦ ᠬᠦᠴᠦᠨ ᠢᠶᠠᠷ ᠪᠡᠯᠡᠳᠭᠡᠯ ᠬᠢᠬᠦ ᠬᠡᠷᠡᠭᠲᠡᠢ᠃  ᠵᠥᠷᠢᠴᠡᠯ ᠵᠢᠭᠤᠷᠠᠭᠠᠨ ᠢ ᠶᠡᠭᠡ ᠪᠠᠷ ᠪᠠᠶᠢᠴᠠᠭᠠᠵᠤ ᠶᠡᠭᠡ ᠪᠠᠷ ᠴᠡᠭᠴᠡᠯᠡᠬᠦ ᠠᠵᠢᠯ ᠢ ᠭᠦᠨᠵᠡᠭᠡᠢ  ᠦᠷᠨᠢᠬᠦᠯᠦᠨ᠂  ᠲᠠᠩᠰᠠ ᠡᠪᠬᠡᠮᠡᠯ ᠤᠨ ᠬᠠᠮᠢᠶᠠᠷᠤᠯᠲᠠ ᠪᠠ ᠮᠡᠳᠡᠭᠡ ᠵᠠᠩᠭᠢ ᠬᠦᠷᠭᠡᠬᠦ ᠠᠵᠢᠯ ᠢ ᠰᠠᠶᠢᠲᠤᠷ ᠬᠢᠵᠦ᠂ ︽ᠡᠷᠲᠡ ᠠᠴᠠ ᠠᠳᠬᠤᠬᠤ᠂ ᠪᠠᠭ᠎ᠠ ᠠᠴᠠ ᠨᠢ ᠠᠳᠬᠤᠬᠤ᠂  ᠴᠤᠬᠤᠶᠢᠮᠠᠭᠴᠠ ᠠᠳᠬᠤᠬᠤ︾ ᠶᠢ ᠪᠠᠷᠢᠮᠲᠠᠯᠠᠨ᠂ ᠵᠥᠷᠢᠴᠡᠯ ᠵᠢᠭᠤᠷᠠᠭᠠᠨ ᠢ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠪᠦᠭᠡᠳ ᠠᠮᠤᠷ ᠲᠣᠭᠲᠠᠭᠤᠨ ᠪᠠᠶᠢᠬᠤ ᠶᠢ ᠪᠠᠳᠤᠯᠠᠬᠤ ᠭᠡᠷᠡᠭᠳᠡᠢ᠃  ᠲᠠᠷᠢᠶᠠᠨ ᠭᠠᠵᠠᠷ ᠢ ᠡᠷᠭᠢᠯᠲᠡ ᠳᠤ ᠣᠷᠣᠭᠤᠯᠬᠤ ᠠᠵᠢᠯ ᠢ ᠨᠠᠷᠢᠨ ᠬᠢᠨᠠᠮᠠᠭᠠᠢ ᠲᠦᠯᠦᠪᠵᠢᠬᠦᠯᠦᠨ᠂ ᠤᠬᠠᠭᠤᠯᠭ᠎ᠠ ᠪᠠᠨ ᠴᠢᠩᠭᠠᠳᠬᠠᠵᠤ᠂ ᠡᠷᠡᠰ ᠪᠠᠲᠤ ᠣᠪᠣᠷ᠂  ᠡᠷᠴᠢ ᠬᠦᠴᠦᠲᠡᠢ ᠠᠷᠭ᠎ᠠ  ᠂  ᠪᠤᠰᠢᠭᠤ ᠱᠠᠯᠠᠮᠠᠭ ᠠᠵᠢᠯᠯᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ  ᠠᠳᠬᠤᠨ᠂  ᠴᠢᠨᠠᠷ ᠰᠠᠶᠢᠳᠠᠢ ᠪᠡᠶᠡᠯᠡᠭᠦᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾  ᠦᠵᠡᠭᠳᠡᠯ ᠢ ᠡᠷᠡᠰ ᠬᠤᠷᠢᠭᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ ᠪᠠᠰᠠ ᠨᠢᠭᠡᠳᠦᠮᠡᠯ ᠹᠷᠣᠨᠲ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠮ  ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠵᠢᠯ ᠤᠨ ᠡᠴᠦᠰ ᠤᠨ ᠬᠢᠨᠠᠨ ᠰᠢᠯᠭᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号