ᠬᠦᠨᠪᠤᠯᠠᠭ ᠰᠤᠮᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠷᠢᠯᠠᠭᠤᠯᠤᠯᠲᠠ ᠬᠢᠭᠰᠡᠨ
ᠨᠡᠶᠢᠲᠡᠯᠡᠭᠰᠡᠨ ᠴᠠᠭ᠄
2023/12/20
 ᠤᠨ ᠤ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠤᠰᠤᠯ ᠠᠳᠡᠯ ᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ 12 ᠰᠠᠷ᠎ᠠ ᠶᠢᠨ 17  ᠤ ᠡᠳᠦᠷ ᠬᠦᠨᠪᠤᠯᠠᠭ ᠰᠤᠮᠤᠨ ᠤ ᠬᠢᠨ ᠤᠨ ᠤ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃ ᠬᠤᠷᠠᠯ   ᠢ ᠨᠠᠮ ᠤᠨ ᠬᠤᠷᠢᠶᠠᠨ ᠤ ᠳᠡᠳ᠋ ᠱᠦᠵᠢ᠂  ᠰᠤᠮᠤᠨ ᠳᠠᠷᠤᠭ᠎ᠠ ᠭᠦᠸᠧ ᠰᠢᠶᠣᠣ ᠮᠧᠩ ᠡᠷᠭᠢᠯᠡᠵᠦ᠂  ᠰᠤᠮᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠭᠠᠴᠠᠭᠠᠨ ᠤ ᠨᠢᠭᠡᠳᠦᠭᠡᠷ ᠱᠦᠵᠢ᠂  ᠠᠵᠢᠯᠯᠠᠬᠤ ᠠᠩᠭᠢ   ᠶᠢᠨ ᠳᠠᠷᠤᠭ᠎ᠠ᠂ ᠨᠠᠮ ᠤᠨ ᠡᠭᠦᠷ ᠤᠨ ᠱᠦᠵᠢ᠂ ᠳᠡᠳ᠋ ᠲᠤᠰᠢᠶᠠᠯᠲᠠᠨ ᠬᠤᠷᠠᠯ ᠳᠤ ᠣᠷᠣᠯᠴᠠᠵᠠᠢ᠃ ᠬᠤᠷᠠᠯ   ᠠᠴᠠ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠨᠡᠶᠢᠳᠡᠯᠡᠭᠰᠡᠨ ︽ᠪᠥᠬᠦ ᠬᠤᠰᠢᠭᠤᠨ ᠤ ᠤᠨ ᠤ ᠡᠴᠦᠰ ᠵᠢᠯ ᠤᠨ ᠡᠬᠢᠨ ᠤ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ  ᠪᠠᠶᠢᠴᠠᠭᠠᠵᠤ ᠶᠡᠭᠡ ᠪᠠᠷ ᠴᠡᠭᠴᠡᠯᠡᠬᠦ ᠠᠵᠢᠯ ᠤᠨ ᠲᠦᠰᠦᠪ  ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠥᠬᠦ ᠰᠤᠮᠤᠨ ᠤ ᠤᠨ ᠤ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ  ᠰᠠᠶᠢᠨ ᠬᠢᠬᠦ ᠲᠤᠬᠠᠢ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠰᠤᠮᠤᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠰᠤᠮᠤᠨ ᠤ ᠳᠠᠷᠤᠭ᠎ᠠ ᠦᠷᠴᠠᠶᠢᠬᠤ ᠠᠴᠠ᠂ ᠡᠯ᠎ᠡ ᠭᠠᠴᠠᠭᠠᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠶᠢᠯ ᠤᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠢᠯᠠᠩᠭᠤᠶ᠎ᠠ ᠵᠠᠮ ᠬᠠᠷᠢᠯᠴᠠᠭ᠎ᠠ᠂  ᠭᠠᠯ  ᠰᠡᠷᠭᠡᠶᠢᠯᠡᠯᠳᠡ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ  ᠳᠠᠬᠢ ᠬᠢᠨᠠᠯᠲᠠ ᠬᠠᠮᠢᠶᠠᠷᠤᠯᠲᠠ ᠪᠠ  ᠪᠠᠶᠢᠴᠠᠭᠠᠯᠳᠠ ᠴᠡᠭᠴᠡᠯᠡᠯᠳᠡ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠴᠠᠭ᠎ᠠ  ᠨᠢ ᠠᠶᠤᠯᠬᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠶᠢ ᠪᠠᠶᠢᠭᠤᠯᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠢ  ᠦᠷᠨᠢᠬᠦᠯᠦᠨ᠂  ᠠᠷᠠᠳ ᠣᠯᠠᠨ ᠤ ᠠᠮᠢ ᠨᠠᠰᠤ  ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号