ᠰᠢᠩ ᠹᠦ᠋ ᠰᠢᠶᠠᠩ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠶᠢᠷᠢᠯᠠᠭᠤᠯᠤᠯᠳᠠ ᠬᠢᠭᠰᠡᠨ
ᠨᠡᠶᠢᠲᠡᠯᠡᠭᠰᠡᠨ ᠴᠠᠭ᠄
2023/12/22
  ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠵᠦ᠂ ᠠᠶᠤᠯᠭᠦᠢ ᠦᠢᠯᠡᠳᠪᠦᠷᠢᠯᠡᠯ ᠤᠨ  ᠲᠤᠭᠳᠠᠭᠤᠨ ᠪᠠᠶᠢᠳᠠᠯ  ᠢ ᠪᠠᠲᠤᠯᠠᠬᠤ ᠶᠢᠨ ᠲᠥᠯᠥᠭᠡ᠂ 12 ᠰᠠᠷ᠎ᠠ ᠶᠢᠨ 18  ᠤ ᠡᠳᠦᠷ ᠰᠢᠩ ᠹᠦ᠋ ᠰᠢᠶᠠᠩ ᠤᠨ ᠤ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠪᠠ ᠭᠠᠯ  ᠰᠡᠷᠭᠡᠶᠢᠯᠡᠬᠦ ᠠᠵᠢᠯ ᠤᠨ ᠪᠠᠶᠢᠷᠢᠯᠠᠯᠭᠤᠯᠤᠯᠳᠠ ᠶᠢᠨ ᠬᠤᠷᠠᠯ ᠬᠢᠵᠦ᠂ ᠰᠢᠶᠠᠩ ᠤᠨ  ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠤᠷᠤᠯᠴᠠᠵᠠᠢ᠃ ᠬᠤᠷᠠᠯ ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ﹀ ᠲᠣᠭᠲᠠᠭᠠᠯ ᠤᠳ ᠤᠨ ᠲᠤᠬᠠᠢ ᠮᠡᠳᠡᠭᠳᠡᠯ︾  ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠤᠨ ᠤ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠪᠠ ᠭᠠᠯ  ᠰᠡᠷᠭᠡᠶᠢᠯᠡᠯᠳᠡ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ 12 ᠰᠠᠷ᠎ᠠ ᠶᠢᠨ 19  ᠤ ᠡᠳᠦᠷ᠂ ᠰᠢᠩ ᠹᠦ᠋ ᠰᠢᠶᠠᠩ ᠨᠢ ᠪᠠᠰᠠ ᠲᠣᠰᠬᠤᠨ ᠱᠠᠲᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠳ᠋ᠦᠩᠨᠡᠯᠲᠡ ᠪᠠ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠬᠦᠷ ᠤᠨ ᠱᠦᠵᠢ ︵ᠡᠷᠬᠢᠯᠡᠭᠴᠢ︶  ᠨᠠᠷ ᠬᠤᠷᠠᠯ ᠳᠤ ᠤᠷᠤᠯᠴᠠᠭᠰᠠᠨ ᠪᠠᠶᠢᠨ᠎ᠠ᠃ ᠬᠤᠷᠠᠯ ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠵᠢᠯ ᠲᠥᠷᠥᠯ   ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ   ᠢ ᠬᠠᠮᠢᠶᠠᠷᠬᠤ ᠂ ᠲᠤᠬᠠᠶᠢᠯᠠᠭᠰᠠᠨ ᠠᠵᠢᠯ   ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ   ᠢ ᠬᠠᠮᠢᠶᠠᠷᠬᠤ᠂ ᠦᠢᠯᠡᠳᠪᠦᠷᠢᠯᠡᠯ   ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ   ᠢ ᠬᠠᠮᠢᠶᠠᠷᠬᠤ﹀ ᠲᠣᠭᠲᠠᠭᠠᠯ ᠤᠳ ᠤᠨ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ   ᠶᠢ ᠤᠯᠠᠮᠵᠢᠯᠠᠵᠤ᠂  ᠪᠦᠬᠦ ᠰᠢᠶᠠᠩ ᠤᠨ 2023 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ  ᠳᠤ ᠳ᠋ᠦᠩᠨᠡᠯᠲᠡ ᠬᠢᠭᠰᠡᠨ ᠪᠦᠭᠡᠳ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠳᠤ ᠵᠠᠳᠠᠯᠤᠯᠲᠠ ᠬᠢᠵᠦ᠂ ᠳᠠᠷᠠᠭᠠᠴᠢ ᠶᠢᠨ ᠠᠯᠬᠤᠮ ᠤᠨ ᠠᠶᠤᠯᠭᠦᠢ ᠦᠢᠯᠡᠳᠪᠦᠷᠢᠯᠡᠯ ᠤᠨ ᠠᠵᠢᠯ   ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂  ᠤᠨ ᠤ ᠡᠴᠦᠰ ᠵᠢᠯ ᠤᠨ ᠡᠬᠢ ᠪᠣᠯ ᠠᠶᠤᠯᠭᠦᠢ ᠦᠢᠯᠡᠳᠪᠦᠷᠢᠯᠡᠯ ᠤᠨ ᠤᠰᠤᠯ ᠠᠳᠡᠯ ᠤᠯᠠᠨ ᠭᠠᠷᠬᠤ ᠬᠤᠭᠤᠴᠠᠭ᠎ᠠ ᠪᠤᠯᠬᠤᠷ ᠡᠷᠬᠡᠪᠰᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠳᠡ ᠶᠢᠨ ᠭᠤᠣᠯᠳᠠᠯᠭ᠎ᠠ ᠲᠠᠢ ᠠᠵᠢᠯ   ᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠨᠢᠭᠡ ᠳᠤ ᠭᠤᠣᠯᠳᠠᠯᠭ᠎ᠠ ᠲᠠᠢ ᠠᠵᠢᠯ ᠲᠦᠷᠦᠯ ᠪᠠ  ᠬᠦᠷᠢᠶ᠎ᠡ ᠴᠠᠷᠠᠭᠠᠨ ᠳᠠᠬᠢ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠯᠠᠩᠭᠤᠶ᠎ᠠ ᠠᠶᠤᠯᠲᠠᠢ ᠬᠢᠮᠢ ᠶᠢᠨ ᠪᠣᠳᠠᠰ᠂ ᠫᠤᠤᠵᠢᠩ ᠲᠠᠷᠢ ᠵᠡᠷᠭᠡ ᠠᠵᠢᠯ ᠲᠥᠷᠥᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂  ᠠᠶᠤᠯᠬᠦᠢ ᠦᠢᠯᠡᠳᠪᠦᠷᠢᠯᠡᠯ ᠤᠨ ᠲᠤᠭᠳᠠᠬᠤᠨ ᠪᠠᠶᠢᠳᠠᠯ ᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ ᠵᠠᠮ ᠬᠠᠷᠢᠯᠴᠠᠭᠠᠨ ᠤ ᠠᠮᠤᠷ ᠲᠦᠪᠰᠢᠨ ᠢ ᠴᠢᠩᠭᠠᠳᠬᠠᠨ᠎ᠠ᠃ ᠬᠦᠮᠦᠨ ᠤ ᠬᠦᠴᠦᠨ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ  ᠂  ᠴᠠᠰᠤ ᠮᠥᠰᠥ ᠶᠢ  ᠠᠷᠢᠯᠭᠠᠨ᠂ ᠵᠠᠮ ᠨᠡᠪᠲᠡᠷᠡᠯᠭᠡ ᠶᠢ ᠪᠠᠲᠤᠯᠠᠬᠤ ᠶᠢᠨ ᠬᠠᠮᠲᠤ  ᠂  ᠵᠢᠯᠣᠭᠤᠴᠢ ᠶᠢᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠢᠶᠠᠷ ᠮᠠᠰᠢᠨ ᠵᠢᠯᠤᠭᠤᠳᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠭᠠᠯ ᠴᠠᠬᠢᠯᠭᠠᠨ ᠤ ᠠᠮᠤᠷ ᠲᠦᠪᠰᠢᠨ ᠢ ᠴᠢᠩᠭᠠᠳᠬᠠᠨ᠎ᠠ᠃ ᠭᠠᠯ ᠭᠡᠷᠡᠭᠯᠡᠬᠦ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠢᠳᠡᠪᠬᠢᠳᠡᠢ ᠦᠷᠨᠢᠬᠦᠯᠵᠦ᠂ ᠠᠷᠠᠳ ᠤᠯᠠᠨ ᠤ ᠠᠮᠤᠷ ᠲᠦᠪᠰᠢᠨ ᠤ ᠤᠬᠠᠮᠰᠠᠷ ᠢ  ᠲᠡᠭᠡᠭᠰᠢᠯᠡᠬᠦᠯᠦᠨ᠂  ᠠᠷᠠᠳ ᠤᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠡᠷᠭᠡᠪᠰᠢ ᠪᠠᠳᠤᠯᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号