12 ᠰᠠᠷ᠎ᠠ ᠶᠢᠨ 21 ᠤ ᠡᠳᠦᠷ᠂ ᠪᠤᠤᠴᠠᠩ ᠪᠠᠯᠭᠠᠰᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢᠨ ᠲᠤᠰᠬᠠᠢ | ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ | ᠳᠠᠷᠤᠭ᠎ᠠ ᠯᠢᠦ ᡁᠢ ᠴᠢᠶᠠᠩ ᠬᠤᠷᠠᠯ ᠢ ᠡᠷᠬᠢᠯᠡᠨ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶᠠᠨ ᠤ ᠠᠵᠢᠯᠲᠠᠳ ᠬᠤᠷᠠᠯ ᠳᠤ ᠣᠷᠣᠯᠴᠠᠵᠠᠢ᠃ ᠯᠢᠦ ᡁᠢ ᠴᠢᠶᠠᠩ ᠠᠴᠠ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢᠨ ᠭᠤᠣᠯ ᠠᠭᠤᠯᠭ᠎ᠠ ᠂ ᠣᠨᠴᠠᠯᠢᠭ ᠰᠢᠨᠵᠢ | ᠂ ᠲᠤᠷᠠᠶᠢᠮ᠎ᠠ ᠴᠡᠭ᠂ ᠠᠵᠢᠯ ᠤᠨ ᠱᠠᠭᠠᠷᠳᠠᠯᠭ᠎ᠠ ᠵᠡᠷᠭᠡ ᠳᠤ ᠪᠥᠬᠦ ᠲᠠᠯ᠎ᠠ ᠶᠢᠨ ᠨᠠᠷᠢᠨ ᠲᠠᠶᠢᠯᠤᠮᠵᠢ ᠬᠢᠭᠰᠡᠨ ᠪᠠᠶᠢᠨ᠎ᠠ | ᠃ ᠬᠤᠷᠠᠯ ᠠᠴᠠ ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠰᠠᠶᠢᠨ ᠬᠢᠬᠦ ᠪᠣᠯ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ ᠶᠢᠨ ᠴᠢᠬᠤᠯᠠ ᠪᠠᠲᠤᠯᠠᠭ᠎ᠠ ᠂ ᠠᠷᠠᠳ ᠣᠯᠠᠨ ᠤ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ ᠴᠢᠬᠤᠯᠠ ᠠᠷᠭ᠎ᠠ ᠵᠠᠮ ᠮᠥᠨ᠃ ᠨᠢᠭᠡ ᠳᠤ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠵᠠᠰᠠᠭ ᠵᠠᠬᠢᠷᠭᠠᠨ ᠤ ᠲᠠᠬᠢᠨ ᠵᠦᠪᠯᠡᠬᠦ ᠬᠠᠤᠯᠢ︾ ᠶᠢ ᠰᠤᠷᠤᠯᠴᠠᠬᠤ ᠪᠠ ᠬᠡᠷᠡᠭᠵᠢᠭᠦᠯᠬᠦ ᠶᠢ | ᠴᠢᠩᠭᠠᠳᠬᠠᠬᠤ ᠬᠡᠷᠡᠭᠲᠡᠢ᠃ ᠬᠤᠶᠠᠷ ᠲᠤ ᠤᠬᠠᠭᠤᠯᠤᠨ ᠲᠠᠶᠢᠯᠪᠤᠷᠢᠯᠠᠬᠤ ᠪᠠᠨ ᠴᠢᠩᠭᠠᠳᠬᠠᠵᠤ᠂ ᠬᠡᠷᠡᠭ ᠤᠨ ᠵᠢᠱᠢᠶ᠎ᠡ | ᠪᠠᠷ ᠬᠠᠤᠯᠢ ᠶᠢ ᠲᠠᠶᠢᠯᠪᠤᠷᠢᠯᠠᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠤᠯᠠᠨ ᠲᠦᠮᠡᠨ ᠳᠤ | ᠣᠶᠢᠯᠠᠭᠠᠭᠤᠯᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠭᠤᠣᠯ ᠠᠷᠭ᠎ᠠ ᠵᠠᠮ ᠪᠣᠯᠭᠠᠬᠤ ᠬᠡᠷᠡᠭᠲᠡᠢ᠃ | ᠭᠤᠷᠪᠠ ᠳᠤ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠬᠡᠷᠡᠭ ᠰᠢᠢᠳᠪᠦᠷᠢᠯᠡᠬᠦ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ ᠵᠠᠬᠢᠷᠭᠠᠨ ᠤ ᠳᠠᠬᠢᠨ ᠵᠥᠪᠯᠡᠬᠦ | ᠬᠠᠤᠯᠢ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ | ᠴᠢᠳᠠᠪᠤᠷᠢ ᠪᠠᠨ ᠨᠡᠮᠡᠭᠳᠡᠬᠦᠯᠦᠨ᠂ ᠬᠠᠤᠯᠢ ᠪᠠᠷ ᠵᠠᠰᠠᠭᠰᠠᠨ ᠪᠤᠤᠴᠠᠩ ᠪᠠᠯᠭᠠᠰᠤ ᠪᠠᠶᠢᠭᠤᠯᠬᠤ ᠳᠤ ᠢᠳᠡᠪᠬᠢᠲᠡᠢ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠴᠢᠬᠤᠯᠠᠴᠢᠯᠠᠪᠠ᠃ |