ᠮᠠᠯᠴᠢᠨ ᠡᠵᠢ ᠶᠢᠨ ᠤᠷᠠᠨ ᠦᠢᠯᠡ ᠮᠤᠩᠭᠤᠯ ᠰᠤᠶᠤᠯ ᠤᠨ ᠦᠪ ᠤᠯᠠᠮᠵᠢᠯᠠᠯ
ᠨᠡᠶᠢᠲᠡᠯᠡᠭᠰᠡᠨ ᠴᠠᠭ᠄
2023/12/25
   ︽ᠮᠣᠩᠭᠤᠯ ᠲᠡᠪᠡᠯ ᠢ ᠤᠶᠤᠬᠤ ᠳᠤ ᠬᠤᠨᠢᠨ ᠤ ᠠᠷᠠᠰᠤ ᠭᠡᠷᠡᠭᠰᠡᠨ᠎ᠡ᠂  ᠪᠦᠰ ᠪᠠᠷᠠᠭ᠎ᠠ ᠪᠠᠨ ᠰᠠᠶᠢᠬᠠᠨ ᠰᠤᠩᠭᠤᠬᠤ ᠴᠤ ᠴᠢᠬᠤᠯᠠ᠂  ᠡᠰᠬᠡᠬᠦ᠂ ᠣᠶᠣᠵᠤ᠂ ᠬᠦᠪᠡᠭᠡᠯᠡᠬᠦ᠂  ᠲᠣᠪᠴᠢ ᠬᠠᠳᠠᠬᠤ  ᠂ ᠠᠯᠬᠤᠮ ᠪᠦᠷᠢ ᠳᠤ ᠨᠠᠷᠢᠨ ᠬᠢᠨᠠᠭᠤᠷ ᠪᠠᠶᠢᠬᠤ ᠭᠡᠷᠡᠭᠳᠡᠢ︾   ᠭᠡᠵᠦ ᠰᠠᠷᠠᠩᠬᠡᠷᠡᠯ ᠨᠠᠰᠤᠲᠠᠨ ᠭᠠᠷ ᠲᠠᠬᠢ ᠲᠡᠪᠡᠯ ᠢᠶᠠᠨ ᠨᠠᠷᠢᠨ ᠨᠢᠮᠪᠠᠶ ᠡᠰᠭᠡᠬᠦ ᠬᠢᠬᠦ ᠶᠢᠨ ᠳᠠᠭᠠᠤ ᠮᠣᠩᠭᠤᠯ ᠲᠡᠪᠡᠯ ᠤᠶᠤᠬᠤ ᠶᠡᠭᠡ ᠲᠥᠯᠥᠪ ᠳᠠᠷᠠᠭᠠᠯᠠᠯ ᠢ ᠪᠢᠳᠡᠨ ᠳᠤ  ᠲᠠᠨᠢᠯᠴᠠᠭᠤᠯᠤᠯ᠎ᠠ᠃      ᠰᠠᠷᠠᠩᠬᠡᠷᠡᠯ ᠪᠣᠯ ᠲᠠᠶᠢᠹᠤᠰᠧ ᠬᠤᠰᠢᠭᠤᠨ ᠤ ᠬᠦᠨᠪᠤᠯᠠᠭ ᠰᠤᠮᠤᠨ ᠤ ᠰᠢᠨᠠᠪᠤᠯᠠᠭ ᠭᠠᠴᠠᠭᠠᠨ ᠤ ᠮᠠᠯᠴᠢᠨ᠂ ᠲᠡᠷᠡᠪᠡᠷ ᠤᠳᠤ ᠴᠠᠬᠠᠷ ᠬᠤᠪᠴᠠᠰᠤ ᠵᠠᠰᠠᠯ  ᠡᠰᠬᠡᠵᠦ ᠤᠶᠤᠬᠤ ᠤᠷ᠎ᠠ ᠮᠡᠷᠭᠡᠵᠢᠯ ᠤᠨ ᠠᠶᠢᠮᠠᠭ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠪᠤᠯᠵᠠᠢ᠃  ᠰᠠᠷᠠᠩᠬᠡᠷᠡᠯ ᠨᠠᠰᠤᠳᠠᠨ ᠡᠰᠬᠡᠵᠦ ᠤᠶᠤᠬᠤ ᠳᠠᠭᠠᠨ ᠨᠡᠭᠡᠷᠡᠨ ᠴᠢᠳᠠᠮᠠᠭᠠᠢ᠂  ᠲᠡᠭᠦᠨ ᠤ ᠤᠷᠠᠨ ᠭᠠᠷ ᠤᠶᠤᠳᠠᠯ ᠤᠨ ᠮᠠᠰᠢᠨ ᠢᠶᠠᠷ ᠲᠠᠮᠵᠢᠭᠠᠳ ᠶᠡᠭᠡ ᠪᠠᠭ᠎ᠠ ᠨᠢ ᠠᠳᠠᠯᠢ ᠪᠤᠰᠤ᠂ ᠬᠡᠯᠪᠡᠷᠢ ᠳᠦᠷᠰᠦ ᠨᠢ ᠠᠳᠠᠯᠢ ᠪᠤᠰᠤ ᠭᠡᠰᠡᠭ ᠬᠡᠰᠡᠭ ᠲᠤᠷᠭ᠎ᠠ ᠪᠦᠰ  ᠤᠳ ᠨᠡᠶᠢᠯᠡᠵᠦ ᠡᠪᠯᠢᠭ ᠰᠠᠶᠢᠬᠠᠨ ᠮᠣᠩᠭᠤᠯ ᠲᠡᠷᠯᠢᠭ ᠪᠣᠯᠤᠨ ᠪᠦᠳᠦᠨᠠᠮ᠃    ︽ᠠᠷᠪᠠᠨ ᠳᠣᠯᠤᠭ᠎ᠠ ᠨᠠᠢᠮᠠᠳᠠᠢ ᠳᠠᠭᠠᠨ ᠡᠵᠢ ᠠᠴᠠ ᠪᠠᠨ ᠮᠣᠩᠭᠤᠯ ᠲᠡᠷᠯᠢᠭ ᠬᠢᠬᠦ ᠶᠢ  ᠰᠤᠷᠤᠭᠰᠠᠨ᠂ ᠠᠶᠢᠯ ᠬᠡᠷ ᠪᠣᠯᠤᠭᠰᠠᠨ ᠤ ᠳᠠᠷᠠᠭ᠎ᠠ ᠬᠠᠳᠠᠮ ᠡᠵᠢ ᠠᠴᠠ ᠪᠠᠨ ᠰᠤᠷᠴᠤ᠂  ᠰᠡᠬᠦᠯᠡᠷ ᠨᠢ ᠠᠶᠢᠯ ᠰᠠᠭᠠᠬᠠᠯᠳᠠ ᠳᠠᠭᠠᠨ ᠮᠣᠩᠭᠤᠯ ᠲᠡᠷᠯᠢᠭ ᠤᠶᠤᠵᠤ ᠡᠬᠢᠯᠡᠭᠰᠡᠨ ᠶᠤᠮ᠂ ᠣᠲᠣ ᠰᠤᠷᠭᠠᠭᠤᠯᠢ ᠶᠢᠨ ᠪᠠᠭᠰᠢ ᠨᠠᠷ ᠪᠣᠯᠤᠨ ᠰᠤᠮᠤᠨ ᠤ ᠪᠠᠨ ᠮᠠᠯᠴᠢᠳ ᠲᠤ ᠮᠣᠩᠭᠤᠯ ᠲᠡᠷᠯᠢᠭ ᠬᠢᠬᠦ ᠶᠢ ᠵᠢᠭᠠᠵᠤ ᠥᠭᠴᠦ ᠪᠠᠶᠢᠨ᠎ᠠ᠂  ᠡᠨᠡ ᠶᠠᠭᠤᠮᠠᠨ ᠳᠤ ᠲᠤᠷ᠎ᠠ ᠪᠠᠬ᠎ᠠ ᠲᠠᠢ  ᠶᠤᠮ ᠴᠢᠨᠢ ᠠᠷᠭ᠎ᠠ ᠦᠬᠡᠢ᠂ ᠦᠨᠳᠦᠰᠦᠳᠡᠨ ᠤ ᠦᠪ ᠰᠤᠶᠤᠯ ᠮᠢᠨᠢ ᠦᠶ᠎ᠡ ᠶᠢᠨ ᠦᠶ᠎ᠡ ᠳᠡᠭᠡᠨ ᠤᠯᠠᠮᠵᠢᠯᠠᠭᠳᠠᠬᠤ ᠶᠢ ᠯᠠ ᠬᠦᠰᠡᠨ᠎ᠠ︾ ᠭᠡᠵᠦ  ᠰᠠᠷᠠᠩᠬᠡᠷᠡᠯ ᠨᠠᠰᠤᠳᠠᠨ ᠦᠢᠯᠡ ᠤᠶᠤᠳᠠᠯ ᠰᠣᠷᠣᠭᠰᠠᠨ ᠥᠩᠭᠡᠷᠡᠯᠲᠡ ᠪᠠᠨ ᠲᠦᠬᠦᠮ ᠶᠠᠷᠢᠯ᠎ᠠ᠃    ᠮᠣᠩᠭᠤᠯ ᠬᠤᠪᠴᠠᠰᠤ ᠵᠠᠰᠠᠯ  ᠳᠤ ᠲᠡᠷᠯᠢᠭ᠂ ᠪᠦᠰᠡ᠂ ᠭᠤᠲᠤᠯ᠂ ᠵᠠᠰᠠᠯ ᠵᠢᠮᠰᠡᠭ ᠵᠡᠷᠭᠡ ᠶᠢ ᠪᠠᠭᠲᠠᠭᠠᠳᠠᠭ᠃ ᠴᠠᠬᠠᠷ ᠮᠣᠩᠭᠤᠯ ᠬᠤᠪᠴᠠᠰᠤ ᠵᠠᠰᠠᠯ ᠨᠢ ᠤᠯᠠᠮᠵᠢᠯᠠᠯᠲᠤ ᠮᠣᠩᠭᠤᠯ ᠬᠤᠪᠴᠠᠰᠤ ᠵᠠᠰᠠᠯ ᠤᠨ ᠬᠡᠯᠪᠡᠷᠢ ᠮᠠᠶ᠋ᠢᠭ ᠪᠠ ᠬᠡᠪ ᠨᠠᠮᠪᠠ ᠶᠢ ᠲᠠᠭᠤᠷᠢᠶᠠᠭᠰᠠᠨ ᠠᠴᠠ ᠭᠠᠳᠠᠨ᠎ᠠ᠂  ᠡᠩᠬᠡᠷ ᠵᠠᠭᠠᠮ᠎ᠠ ᠳᠤᠨᠢ ᠬᠤᠸᠠᠷ ᠲᠠᠷᠤᠬᠤ ᠦᠬᠡᠢ᠂   ᠬᠠᠷᠢᠨ ᠲᠣᠷᠭ᠎ᠠ ᠪᠥᠰ ᠢᠶᠠᠷ ᠬᠥᠪᠡᠭᠡᠯᠡᠵᠦ ᠲᠠᠷᠤᠭᠰᠠᠨ ᠥᠪᠡᠷᠮᠢᠴᠡ ᠣᠨᠴᠠᠯᠢᠭ ᠲᠠᠢ᠃   ᠲᠠᠶᠢᠹᠤᠰᠧ ᠤᠨ ᠮᠤᠩᠭᠤᠯᠴᠤᠳ ᠴᠤ  ᠡᠷᠳᠡᠨ ᠠᠴᠠ ᠡᠳᠦᠬᠡ ᠳᠤ ᠬᠦᠷᠳᠡᠯ᠎ᠡ ᠤᠯᠠᠮᠵᠢᠯᠠᠯᠳᠤ ᠮᠤᠩᠭᠤᠯ ᠬᠤᠪᠴᠠᠰᠤ ᠵᠠᠰᠠᠯ ᠢᠶᠠᠨ ᠡᠳ᠋ᠯᠡᠵᠦ ᠭᠡᠷᠡᠭᠯᠡᠭᠰᠡᠭᠡᠷ  ᠢᠷᠡᠭᠰᠡᠨ ᠪᠦᠭᠡᠳ ᠤᠷᠤᠰᠢᠨ ᠰᠠᠭᠤᠭᠰᠠᠨ ᠭᠠᠵᠠᠷ ᠨᠤᠳᠤᠭ᠂ ᠤᠯᠤᠭᠰᠠᠨ ᠬᠦᠷᠳᠡᠭᠰᠡᠨ ᠭᠠᠳᠠᠭᠠᠳᠤ ᠨᠦᠯᠦᠬᠡ ᠠᠴᠠ  ᠰᠢᠯᠳᠠᠭᠠᠯᠭᠳᠠᠭᠠᠳ᠂ ᠦᠪᠡᠷᠮᠢᠴᠡ ᠤᠨᠴᠠᠯᠢᠭ ᠢᠶᠠᠨ ᠪᠦᠷᠢᠯᠳᠦᠬᠦᠯᠦᠭᠰᠡᠨ ᠪᠠᠶᠢᠳᠠᠭ᠃    ︽ᠡᠨᠡ ᠳᠡᠪᠡᠯ ᠢ ᠪᠢ ᠠᠶᠢᠯ ᠭᠡᠷ ᠪᠣᠯᠬᠤ ᠳᠠᠭᠠᠨ ᠬᠠᠳᠠᠮ ᠡᠵᠢ ᠠᠴᠠ ᠪᠠᠨ ᠰᠤᠷᠴᠤ ᠤᠶᠤᠭᠰᠠᠨ ᠶᠤᠮ᠂ ᠲᠡᠷᠡ ᠦᠶ᠎ᠡ ᠳᠤ ᠪᠦᠷ ᠭᠠᠷ ᠢᠶᠠᠷ ᠣᠶᠣᠳᠠᠭ ᠪᠠᠶᠢᠭᠰᠠᠨ᠂ ᠲᠡᠪᠡᠯ ᠤᠨ ᠦᠯᠢᠬᠡᠷ ᠭᠡᠪ ᠭᠡᠵᠦ ᠪᠠᠶᠢᠭᠰᠠᠨ ᠴᠤ ᠦᠭᠡᠢ᠂   ᠬᠠᠷ᠎ᠠ ᠤᠬᠠᠭᠠᠨ   ᠢᠶᠠᠷ ᠢᠶᠠᠨ ᠪᠤᠳᠤᠭᠠᠳ ᠯᠠ ᠡᠰᠭᠡᠨ᠎ᠡ ᠰᠢᠦ  ᠂ ᠵᠠᠭᠠᠮ᠎ᠠ ᠬᠦᠪᠡᠬᠡᠯᠡᠵᠦ ᠲᠣᠪᠴᠢ ᠬᠠᠳᠠᠬᠤ ᠨᠢ ᠬᠠᠮᠤᠭ ᠤᠨ ᠬᠦᠴᠢᠷ ᠲᠠᠢ ᠪᠠᠶᠢᠯ᠎ᠠ᠂  ᠪᠠᠷᠤᠭ ᠰᠠᠷ᠎ᠠ ᠶᠢᠨ ᠬᠤᠭᠤᠴᠠᠭ᠎ᠠ ᠭᠡᠷᠡᠭᠰᠡᠨ᠎ᠡ  ︾ ᠬᠡᠵᠦ ᠰᠠᠷᠠᠩᠬᠡᠷᠡᠯ ᠡᠮᠦᠨ᠎ᠡ  ᠨᠢ ᠲᠡᠯᠭᠡᠭᠡᠰᠦᠳᠡᠢ ᠬᠥᠬᠡ ᠪᠥᠰ ᠲᠡᠷᠯᠢᠭ ᠢᠶᠠᠨ ᠲᠠᠨᠢᠯᠴᠠᠭᠤᠯᠤᠯ᠎ᠠ᠃  50 ᠵᠢᠯ   ᠤᠨ ᠡᠮᠦᠨ᠎ᠡ ᠤᠶᠤᠭᠰᠠᠨ ᠡᠨᠡ ᠪᠦᠰ ᠲᠡᠷᠯᠢᠭ ᠢᠶᠠᠨ ᠨᠠᠰᠤᠲᠠᠨ ᠤᠳᠤ ᠪᠤᠯᠳᠠᠯ᠎ᠠ ᠨᠠᠨᠳᠢᠩᠨᠠᠨ ᠬᠠᠳᠠᠭᠠᠯᠠᠭᠰᠠᠭᠠᠷ ᠢᠷᠡᠵᠡᠢ᠃    ︽ᠲᠡᠷᠡ ᠦᠶ᠎ᠡ ᠳᠤ ᠮᠠᠯᠵᠢᠬᠤ ᠣᠷᠣᠨ ᠤ ᠠᠵᠢᠯ ᠬᠦᠨᠳᠦ᠂  ᠮᠠᠨᠠᠶᠢᠬᠢᠨ ᠰᠢᠭ᠋ ᠲᠡᠭᠡᠷ᠎ᠡ ᠪᠠᠨ ᠨᠠᠰᠤᠳᠠᠨ ᠲᠠᠢ ᠲᠤᠤᠷ᠎ᠠ ᠪᠠᠨ ᠨᠢᠯᠬ᠎ᠠ ᠲᠠᠢ ᠭᠡᠷ ᠪᠦᠯᠢ ᠳᠤ ᠠᠪᠴᠤ ᠭᠡᠯᠡᠪᠡᠯ ᠨᠡᠩ ᠴᠤ ᠶᠠᠷᠢᠬᠤ ᠶᠢᠨ ᠠᠷᠭ᠎ᠠ ᠦᠬᠡᠢ᠂  ᠦᠬᠡᠷ ᠬᠤᠨᠢ ᠪᠠᠨ ᠲᠡᠵᠢᠬᠡᠨ᠎ᠡ᠂  ᠦᠨᠢᠶ᠎ᠡ ᠪᠢᠷᠠᠭᠤ ᠪᠠᠨ ᠰᠠᠭᠠᠨ᠎ᠠ᠂ ᠰᠦ ᠰᠠᠭᠠᠯᠢ ᠪᠠᠨ ᠪᠤᠷᠤᠯᠠᠭᠤᠯᠤᠨ᠎ᠠ᠂  ᠴᠠᠢ ᠬᠤᠭᠤᠯᠠ ᠪᠠᠨ ᠪᠡᠯᠡᠳᠬᠡᠨ᠎ᠡ᠂   ᠲᠡᠭᠡᠵᠦ ᠪᠠᠶᠢᠭᠰᠠᠨ ᠴᠤ ᠴᠠᠭ ᠴᠢᠯᠦᠭᠡ ᠯᠠ ᠭᠠᠷᠪᠠᠯ ᠪᠢ  ᠦᠢᠯᠡ  ᠤᠶᠤᠳᠠᠯ  ᠢᠶᠠᠨ ᠪᠠᠷᠢᠳᠠᠭ ᠪᠠᠶᠢᠭᠰᠠᠨ ᠶᠤᠮ᠂ ᠲᠤᠷᠠᠳᠠᠢ ᠶᠤᠮ ᠴᠢᠨᠢ ᠠᠷᠭ᠎ᠠ ᠦᠬᠡᠢ ᠰᠢᠳᠡ︾  ᠃    ᠰᠠᠷᠠᠩᠬᠡᠷᠡᠯ ᠤᠨ ᠤᠶᠤᠭᠰᠠᠨ ᠮᠣᠩᠭᠤᠯ ᠲᠡᠷᠯᠢᠭ ᠤᠨ ᠥᠩᠭᠡ ᠪᠤᠳᠤᠭ ᠨᠢ ᠲᠡᠩᠴᠡᠬᠦᠬᠡᠨ᠂ ᠤᠭᠠᠯᠵᠠ ᠬᠡ ᠨᠢ ᠥᠪᠡᠷᠮᠢᠴᠡ᠂ ᠦᠨᠳᠦᠰᠦᠲᠡᠨ ᠤ ᠣᠨᠴᠠᠯᠢᠭ ᠢᠶᠠᠷ ᠪᠢᠯᠬᠠᠮ᠎ᠠ ᠪᠠᠶᠢᠳᠠᠭ᠃  ᠤᠳᠠᠭᠠᠨ ᠵᠢᠯ ᠤᠨ ᠤᠷᠤᠯᠳᠤᠯᠭ᠎ᠠ ᠦᠢᠯᠡᠳᠦᠯᠬᠡ ᠶᠢᠨ ᠲᠤᠮᠳᠠ ᠪᠠᠨ ᠲᠡᠷᠡᠪᠡᠷ  ᠦᠢᠯᠡ ᠤᠶᠤᠳᠠᠯ ᠢ ᠰᠤᠳᠤᠯᠤᠨ᠂  ᠠᠷᠭ᠎ᠠ ᠲᠤᠷᠰᠢᠯᠭ᠎ᠠ ᠪᠠᠨ ᠲᠡᠭᠡᠭᠰᠢᠯᠡᠬᠦᠯᠵᠦ᠂  ᠲᠠᠶᠢᠹᠤᠰᠧ ᠨᠤᠳᠤᠭ ᠤᠨ ᠬᠤᠪᠴᠠᠰᠤ ᠵᠠᠰᠠᠯ ᠤᠨ ᠤᠨᠴᠠᠯᠢᠭ  ᠨᠠᠮᠪᠠ ᠶᠢ ᠨᠡᠶᠢᠳᠡ ᠮᠤᠩᠭᠤᠯ  ᠤᠨ  ᠦᠢᠯᠡ ᠤᠶᠤᠳᠠᠯ ᠯᠤᠭ᠎ᠠ ᠤᠷᠭᠠᠨᠢᠭ ᠰᠠᠶᠢᠬᠠᠨ ᠠᠭᠤᠰᠬᠠᠵᠤ ᠤᠶᠠᠯᠳᠤᠭᠤᠯᠤᠭᠰᠠᠨ ᠪᠠᠶᠢᠯ᠎ᠠ᠃    ᠰᠠᠷᠠᠩᠬᠡᠷᠡᠯ ᠨᠠᠰᠤᠳᠠᠨ ᠡᠨᠡ ᠬᠦ ᠤᠯᠠᠮᠵᠢᠯᠠᠯᠲᠤ ᠤᠷ᠎ᠠ ᠮᠡᠷᠭᠡᠵᠢᠯ ᠢᠶᠠᠨ ᠥᠪᠡᠷ ᠢᠶᠠᠨ ᠡᠵᠡᠮᠰᠢᠬᠡᠳ ᠵᠤᠭᠰᠤᠭᠰᠠᠨ ᠪᠢᠰᠢ᠂ ᠪᠠᠰᠠ ᠠᠶᠢᠯ ᠬᠤᠳᠠᠨ ᠤ ᠡᠬᠡᠴᠢ ᠳᠡᠭᠦᠸ ᠨᠡᠷ ᠲᠠᠭᠠᠨ ᠵᠢᠭᠠᠵᠤ ᠤᠯᠠᠮᠵᠢᠯᠠᠵᠤ ᠢᠷᠡᠭᠰᠡᠨ ᠶᠤᠮ᠃  ᠤᠢᠢᠷ᠎ᠠ ᠶᠢᠨ ᠵᠢᠯ ᠳᠤ᠂ ᠲᠡᠷᠡᠪᠡᠷ ᠰᠤᠷᠭᠠᠭᠤᠯᠢ ᠶᠢᠨ ᠪᠠᠭᠰᠢ ᠨᠠᠷ ᠪᠠ ᠰᠤᠮᠤᠨ ᠤ ᠪᠠᠨ ᠮᠠᠯᠴᠢᠨ ᠪᠦᠰᠡᠬᠦᠶᠢᠴᠦᠳ  ᠲᠤ ᠲᠡᠷᠯᠢᠭ ᠤᠶᠤᠬᠤ᠂  ᠬᠠᠳᠬᠤᠮᠠᠯ ᠬᠠᠳᠬᠤᠬᠤ  ᠮᠡᠷᠭᠡᠵᠢᠯ ᠢ ᠦᠨ᠎ᠡ ᠲᠦᠯᠦᠪᠦᠷᠢ ᠦᠬᠡᠢ ᠵᠢᠭᠠᠵᠤ ᠤᠯᠠᠮᠵᠢᠯᠠᠭᠠᠳ  ᠂  ᠵᠢᠯ ᠳᠤ ᠪᠠᠷᠤᠭ 200 ᠰᠢᠬᠠᠮ ᠬᠥᠮᠦᠨ ᠳᠤ ᠬᠢᠴᠢᠶᠡᠯ ᠪᠤᠯᠪᠠᠰᠤᠷᠠᠯ ᠬᠢᠵᠦ ᠦᠩᠭᠡᠷᠡᠵᠡᠢ᠃     ︽ ᠤᠶᠢᠷ᠎ᠠ ᠶᠢᠨ ᠬᠡᠳᠦᠨ ᠵᠢᠯ ᠭᠠᠴᠠᠭᠠᠨ ᠳᠠᠭᠠᠨ ᠪᠣᠯᠪᠠᠰᠤᠷᠠᠯ ᠤᠨ ᠠᠩᠬᠢ  ᠡᠷᠬᠢᠯᠡᠵᠡᠢ᠂ ᠡᠨᠡ ᠵᠢᠯ ᠠᠴᠠ ᠪᠠᠰᠠ ᠰᠤᠷᠭᠠᠭᠤᠯᠢ ᠶᠢᠨ ᠪᠠᠭᠰᠢ ᠪᠣᠯᠤᠨ ᠬᠡᠦᠬᠡᠳ ᠤᠳ ᠲᠤ ᠬᠢᠴᠢᠶᠡᠯ ᠣᠷᠣᠵᠤ ᠡᠬᠢᠯᠭᠰᠡᠨ᠂ ᠨᠡᠩ ᠤᠯᠠᠨ ᠬᠦᠮᠦᠰ ᠮᠠᠨ ᠤ ᠦᠨᠳᠦᠰᠦᠲᠡᠨ ᠤ ᠦᠪ ᠰᠣᠶᠣᠯ ᠢ  ᠮᠢᠨᠢ ᠲᠠᠨᠢᠵᠤ ᠤᠶᠢᠯᠠᠭᠠᠨ᠂  ᠬᠠᠶᠢᠷᠠᠯᠠᠵᠤ ᠬᠠᠯᠠᠮᠵᠢᠯᠠᠵᠤ᠂ ᠤᠯᠠᠮᠵᠢᠯᠠᠨ ᠵᠠᠯᠭᠠᠮᠵᠢᠯᠠᠬᠤ ᠶᠢ ᠬᠦᠰᠡᠵᠦ ᠪᠠᠶᠢᠨ᠎ᠠ︾ ᠬᠡᠯ᠎ᠡ᠃     ᠰᠠᠷᠠᠩᠬᠡᠷᠡᠯ ᠵᠠᠪ ᠴᠢᠯᠦᠭᠡ ᠪᠠᠨ ᠠᠰᠢᠭᠯᠠᠨ ᠡᠯ᠎ᠡ ᠲᠦᠷᠦᠯ ᠤᠨ ᠤᠷᠤᠯᠳᠤᠭᠠᠨ ᠲᠡᠮᠡᠴᠡᠭᠡᠨ ᠳᠤ ᠤᠷᠤᠯᠴᠠᠵᠤ᠂  ᠤᠷᠠᠨ ᠦᠢᠯᠡ   ᠪᠠᠷ ᠢᠶᠠᠨ ᠪᠤᠰᠤᠳ ᠲᠤ ᠲᠠᠨᠢᠭᠳᠠᠨ᠂ ᠤᠯᠠᠨ ᠤᠳᠠᠭ᠎ᠠ ᠱᠠᠩᠨᠠᠯ ᠬᠦᠬᠢᠬᠦᠯᠦᠯ ᠢᠶᠠᠷ ᠡᠩᠭᠡᠷ ᠢᠶᠠᠨ ᠮᠢᠯᠢᠶᠠᠯᠭᠠᠵᠤ ᠶᠠᠪᠤᠵᠠᠢ᠃ ᠤᠶᠢᠷᠠᠬᠠᠨ ᠠᠴᠠ ᠲᠤᠷᠠᠳᠤᠬᠤᠶ᠎ᠠ᠂ 2019 ᠣᠨ ᠳᠤ ︽ᠳᠤᠮᠳᠠᠳᠤ ᠤᠯᠤᠰ ᠤᠨ ᠰᠢᠯᠢᠳᠡᠭ ᠬᠠᠳᠬᠤᠮᠠᠯᠴᠢᠨ ᠡᠵᠢ︾ ᠪᠠᠷ  ᠦᠨᠡᠯᠡᠭᠳᠡᠨ᠂ 2020 ᠣᠨ ᠳᠤ ᠪᠦᠬᠦ ᠠᠶᠢᠮᠠᠭ ᠤᠨ ᠰᠢᠯᠢᠳᠡᠭ ᠤᠶᠤᠳᠠᠯᠴᠢᠨ ᠢᠶᠠᠷ ᠰᠢᠯᠭᠠᠷᠠᠵᠤ᠂ 2023 ᠣᠨ ᠳᠤ  ︽ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠵᠢᠷᠦᠬᠡ ᠪᠠᠨ ᠬᠤᠯᠪᠤᠨ᠎ᠠ︾ ᠬᠡᠮᠡᠬᠦ ᠢᠰᠡᠭᠡᠢ ᠤᠷᠠᠯᠠᠯ ᠤᠨ ᠪᠦᠲᠦᠭᠡᠯ ᠨᠢ ᠰᠢᠯᠢ ᠶᠢᠨ ᠭᠤᠣᠯ ᠠᠶᠢᠮᠠᠭ ᠤᠨ ᠮᠣᠩᠭᠤᠯ ᠦᠨᠳᠦᠰᠦᠲᠡᠨ ᠤ ᠬᠠᠳᠬᠤᠮᠠᠯ ᠤᠨ ᠤᠷᠤᠯᠳᠤᠭᠠᠨ ᠳᠤ ᠭᠤᠷᠪᠠᠳᠤᠭᠠᠷ ᠳᠡᠰ ᠤᠨ ᠱᠠᠩᠨᠠᠯ ᠲᠤᠰᠴᠠᠢ  ᠃  2017 ᠤᠨ ᠳᠤ ᠲᠠᠶᠢᠹᠤᠰᠧ ᠬᠤᠰᠢᠭᠤ  ᠮᠤᠩᠭᠤᠯ ᠬᠤᠪᠴᠠᠰᠤ ᠵᠠᠰᠠᠯ ᠢ ᠠᠶᠢᠮᠠᠭ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠲᠤ  ᠪᠦᠷᠢᠳᠭᠡᠬᠦᠯᠵᠦ᠂   2020 ᠣᠨ ᠤ 5 ᠰᠠᠷ᠎ᠠ ᠳᠤ ᠰᠠᠷᠠᠩᠬᠡᠷᠡᠯ ᠠᠶᠢᠮᠠᠭ ᠤᠨ ᠲᠡᠰ ᠤᠨ ᠦᠪᠯᠡᠨ ᠤᠯᠠᠮᠵᠢᠯᠠᠭᠴᠢ ᠪᠤᠯᠤᠭᠰᠠᠨ ᠪᠠᠶᠢᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号