ᠬᠤᠰᠢᠭᠤ ᠨᠠᠮ ᠤᠨ ᠬᠤᠷᠢᠶᠠᠨ ᠤ ᠨᠠᠮ ᠤᠨ ᠳᠣᠲᠣᠭᠠᠳᠤ ᠶᠢᠨ ᠬᠠᠤᠯᠢ ᠲᠦᠷᠢᠮ ᠤᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/26
 12 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠠᠮ ᠤᠨ ᠳᠣᠲᠣᠭᠠᠳᠤ ᠶᠢᠨ ᠬᠠᠤᠯᠢ  ᠲᠦᠷᠢᠮ ᠤᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠵᠤ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠬᠠᠢ ᠯᠢ ᠬᠤᠷᠠᠯ ᠡᠷᠭᠢᠯᠡᠵᠦ ᠶᠠᠷᠢᠶ᠎ᠠ ᠲᠠᠯᠪᠢᠵᠠᠢ᠃ ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠤᠷᠠᠳᠤᠭᠰᠠᠨ ᠨᠠᠮ ᠤᠨ ᠳᠣᠲᠣᠭᠠᠳᠤ ᠶᠢᠨ ᠬᠠᠤᠯᠢ ᠳᠦᠷᠢᠮ ᠤᠨ ᠪᠠᠶᠢᠭᠤᠯᠤᠯᠲᠠ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠬᠠᠤᠯᠢ ᠳᠦᠷᠢᠮ ᠤᠨ ᠪᠠᠶᠢᠭᠤᠯᠤᠯᠲᠠ ᠶᠢᠨ ᠵᠥᠪ ᠴᠢᠭᠯᠡᠯ ᠢ ᠪᠠᠲᠤ ᠡᠵᠡᠮᠳᠡᠨ᠂ ᠨᠠᠮ ᠤᠨ ᠳᠣᠲᠣᠭᠠᠳᠤ ᠶᠢᠨ ᠬᠠᠤᠯᠢ ᠲᠦᠷᠢᠮ ᠤᠨ ᠡᠷᠬᠡ ᠰᠦᠷᠲᠦ ᠴᠢᠨᠠᠷ ᠪᠣᠯᠣᠨ ᠬᠡᠷᠡᠭᠵᠢᠭᠦᠯᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠬᠠᠷᠭᠤᠭᠤᠯᠬᠤ ᠪᠠ  ᠲᠠᠩᠰᠠᠯᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃  ᠬᠤᠰᠢᠭᠤ ᠨᠠᠮ ᠤᠨ ᠬᠤᠷᠢᠶᠠᠨ ᠤ ᠲᠣᠭᠲᠠᠭᠠᠭᠰᠠᠨ ᠨᠠᠮ ᠤᠨ ᠳᠣᠲᠣᠭᠠᠳᠤ ᠶᠢᠨ ᠬᠠᠤᠯᠢ ᠲᠦᠷᠢᠮ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠳᠤ ᠬᠠᠨᠳᠤᠵᠤ  ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠳᠣᠲᠣᠭᠠᠳᠤ ᠶᠢᠨ ᠬᠠᠤᠯᠢ ᠳᠦᠷᠢᠮ ᠤᠨ ᠬᠡᠷᠡᠭᠵᠢᠭᠦᠯᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ ᠳᠣᠲᠣᠭᠠᠳᠤ ᠶᠢᠨ ᠬᠠᠤᠯᠢ ᠳᠦᠷᠢᠮ ᠤᠨ ᠪᠠᠶᠢᠭᠤᠯᠤᠯᠲᠠ ᠶᠢᠨ ᠬᠦᠨᠵᠡᠬᠡᠶᠢᠷᠡᠵᠦ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤ ᠨᠠᠮ ᠤᠨ  ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠡᠯ᠎ᠡ ᠰᠤᠮᠤ ᠰᠢᠶᠠᠩ ᠪᠠᠯᠭᠠᠰᠤ ᠂  ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ  ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号