12 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠣᠣ ᠹᠧᠢ ᠫᠧᠩ | ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 | ᠣᠨ ᠤ ᠬᠤᠶᠠᠳᠤᠭᠠᠷ ᠤᠳᠠᠭᠠᠨ ᠤ ᠬᠤᠷᠠᠯ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠨᠠᠶᠢᠳᠠᠪᠤᠷᠢᠵᠢᠭᠤᠯᠬᠤ ᠬᠤᠷᠠᠯ ᠢ | ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠢ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ | ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠢᠮᠠᠭᠲᠠ ᠪᠠᠷᠢᠮᠳᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ | ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠨᠠᠮ ᠤᠨ ᠪᠠᠶᠢᠭᠤᠯᠤᠯᠲᠠ᠂ ᠤᠯᠤᠰ | ᠲᠥᠷᠥ ᠶᠢᠨ ᠪᠠᠶᠢᠭᠤᠯᠤᠯᠲᠠ᠂ ᠠᠵᠤ ᠠᠬᠤᠢ ᠶᠢᠨ ᠬᠥᠭᠵᠢᠯᠲᠡ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ | ᠪᠠᠶᠢᠭᠤᠯᠤᠯᠲᠠ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠳᠤᠮᠳᠠ ᠲᠤᠤᠱᠯᠠᠭᠤᠯᠵᠤ᠂ | ᠪᠤᠳᠠᠳᠠᠢ ᠠᠵᠢᠯᠯᠠᠭ᠎ᠠ ᠪᠠ ᠠᠵᠢᠯ ᠤᠨ ᠠᠮᠵᠢᠯᠲᠠ ᠪᠠᠷ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠢ ᠭᠦᠨᠵᠡᠭᠡᠶᠢᠷᠡᠭᠦᠯᠦᠨ᠂ ︽ᠭᠤᠷᠪᠠᠨ ᠰᠠᠯᠵᠤ ᠴᠢᠳᠠᠰᠢ ᠦᠭᠡᠢ︾ ᠪᠠ ︽ᠲᠠᠪᠤᠨ ᠮᠡᠳᠡᠷᠡᠬᠦᠢ︾ ᠶᠢ | ᠤᠯᠠᠮ ᠪᠠᠳᠤᠳᠬᠠᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠦᠨᠡᠨ | ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠳᠠᠭᠠᠵᠤ | ᠶᠠᠪᠤᠬᠤ ᠶᠢ ᠠᠬᠢᠭᠤᠯᠤᠨ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠦᠢᠯᠡᠰ ᠤᠨ ᠬᠥᠭᠵᠢᠯᠲᠡ ᠶᠢᠨ ᠰᠢᠨ᠎ᠡ | ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ᠂ | 2023 ᠣᠨ ᠤ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠵᠢᠱᠢᠶ᠎ᠡ ᠦᠵᠡᠭᠦᠯᠬᠦ | ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠤᠨ᠂ ᠬᠤᠯᠪᠣᠭᠳᠠᠯ | ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠦᠪᠯᠡᠵᠡᠢ᠃ ᠤᠳᠤᠷᠢᠳᠬᠤ ᠳᠤᠭᠤᠶᠢᠯᠠᠩ ᠤᠨ ᠲᠡᠳ᠋ ᠳᠠᠷᠤᠭ᠎ᠠ ᠵᠢᠴᠢ | ᠭᠡᠰᠢᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃ |