ᠲᠠᠶᠢᠹᠤᠰᠧ ᠬᠤᠰᠢᠭᠤ᠄ ︽ᠲᠠᠪᠤᠨ ᠬᠡᠯᠪᠡᠷᠢ︾  ᠶᠢ ᠵᠡᠷᠭᠡᠪᠡᠷ  ᠭᠡᠷᠡᠭᠵᠢᠬᠦᠯᠵᠦ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2023/12/26
 ︽ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠭᠠᠯ ᠰᠡᠷᠭᠡᠶᠢᠯᠡᠬᠦ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠡᠪᠦᠯ ᠤᠨ ᠰᠡᠷᠭᠡᠶᠢᠯᠡᠯᠲᠡ ᠶᠢᠨ ᠭᠤᠣᠯᠳᠠᠯᠭ᠎ᠠ  ᠲᠠᠢ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠬᠠᠷᠢᠶ᠎ᠠ ᠣᠷᠣᠨ ᠤ ᠪᠠᠨ ᠭᠠᠯ ᠰᠡᠷᠭᠡᠶᠢᠯᠡᠬᠦ ᠬᠠᠮᠢᠶᠠᠷᠤᠯᠲᠠ ᠶᠢᠨ ᠠᠵᠢᠯ ᠢ ᠤᠯᠠᠮ ᠴᠢᠩᠭᠠᠳᠬᠠᠨ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠶᠢᠨ ᠲᠦᠯᠦᠭᠡ᠂ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠢ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠠᠵᠢᠯ ᠤᠨ ᠠᠷᠭ᠎ᠠ  ᠮᠠᠶ᠋ᠢᠭ ᠢᠶᠠᠨ ᠴᠢᠩᠭᠠᠳᠬᠠᠨ᠂ ᠬᠤᠲᠠ ᠪᠠᠯᠭᠠᠰᠤᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠪᠥᠬᠦ ᠬᠦᠴᠦᠨ ᠢᠶᠠᠷ ᠪᠠᠬᠢᠵᠢᠭᠦᠯᠵᠦ᠂ ᠪᠥᠬᠦ ᠬᠤᠰᠢᠭᠤᠨ ᠤ ᠭᠠᠯ ᠰᠡᠷᠭᠡᠶᠢᠯᠡᠯᠳᠡ ᠶᠢᠨ ᠲᠣᠭᠲᠠᠭᠤᠨ ᠪᠠᠶᠢᠳᠠᠯ ᠢ  ᠪᠠᠳᠤᠯᠠᠵᠤ ᠪᠠᠶᠢᠨ᠎ᠠ᠃     ︽ᠪᠠᠶᠢᠴᠠᠭᠠᠬᠤ ᠬᠡᠯᠪᠡᠷᠢ︾ ᠪᠠᠷ ᠠᠮᠤᠷ ᠲᠦᠪᠰᠢᠨ ᠤ ᠰᠡᠷᠭᠡᠶᠢᠯᠡᠯᠲᠡ ᠶᠢᠨ ᠬᠡᠷᠡᠮ ᠢ ᠪᠠᠲᠤ ᠴᠤᠭᠴᠠᠯᠠᠭᠰᠠᠨ  ᠃ ᠲᠤᠰᠬᠠᠢ ᠲᠦᠷᠦᠯ ᠤᠨ ᠪᠠᠶᠢᠴᠠᠭᠠᠯᠲᠠ ᠶᠢᠨ ᠲᠤᠮᠳᠠ᠂ ᠥᠨᠳᠥᠷ ᠲᠤᠮᠤ ᠪᠠᠷᠢᠯᠭ᠎ᠠ ᠶᠢᠨ ᠭᠠᠵᠠᠷ ᠲᠤ  ᠴᠠᠭᠳᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠤᠨᠲᠠᠷᠠᠭᠠᠬᠤ ᠪᠠᠭᠠᠵᠢ ᠲᠦᠬᠦᠭᠡᠷᠦᠮᠵᠢ ᠶᠢ ᠠᠷᠠᠴᠢᠯᠠᠨ ᠬᠠᠮᠠᠭᠠᠯᠠᠭᠰᠠᠨ ᠪᠠ ᠠᠰᠢᠭᠯᠠᠵᠤ ᠬᠡᠷᠡᠭᠯᠡᠭᠰᠡᠨ ᠪᠠᠶᠢᠳᠠᠯ᠂  ᠠᠶᠤᠯ ᠠᠴᠠ ᠵᠠᠶᠢᠯᠠᠬᠤ  ᠵᠠᠮ ᠪᠠ ᠡᠭᠦᠳᠡ ᠶᠢ ᠨᠡᠭᠡᠭᠡᠵᠦ ᠨᠡᠪᠳᠡᠷᠡᠬᠦᠯᠦᠭᠰᠡᠨ ᠪᠠᠶᠢᠳᠠᠯ᠂ ᠭᠠᠯ ᠤᠨᠲᠠᠷᠠᠭᠠᠬᠤ ᠲᠡᠷᠭᠡᠨ ᠤ ᠵᠠᠮ ᠢ ᠰᠠᠭᠠᠳ ᠬᠠᠷᠰᠢ ᠦᠬᠡᠢ ᠨᠡᠪᠳᠡᠷᠡᠬᠦᠯᠦᠭᠰᠡᠨ  ᠪᠠᠶᠢᠳᠠᠯ  ᠵᠡᠷᠭᠡ ᠳᠤ ᠭᠤᠣᠯᠳᠠᠯᠭ᠎ᠠ ᠲᠠᠢ ᠨᠠᠷᠢᠨ ᠪᠠᠶᠢᠴᠠᠭᠠᠯᠲᠠ ᠬᠢᠵᠦ᠂ ᠭᠡᠮ ᠰᠤᠭᠤᠭ ᠢ ᠪᠠᠶᠢᠴᠠᠭᠠᠵᠤ ᠠᠷᠢᠯᠭᠠᠨ᠂  ᠬᠠᠷᠢᠶ᠎ᠠ ᠣᠷᠣᠨ   ᠤ ᠪᠠᠨ ᠭᠠᠯ ᠰᠡᠷᠭᠡᠶᠢᠯᠡᠯᠳᠡ ᠶᠢ ᠦᠨᠡᠨᠬᠦ ᠪᠠᠳᠤᠯᠠᠵᠤ ᠪᠠᠶᠢᠨ᠎ᠠ᠃     ︽ᠦᠢᠯᠡᠴᠢᠯᠡᠬᠦ ᠬᠡᠯᠪᠡᠷᠢ  ︾   ᠪᠠᠷ ᠭᠤᠣᠯᠳᠠᠯᠭ᠎ᠠ ᠲᠠᠢ ᠠᠵᠢᠯᠳᠠᠳ ᠢ ᠬᠦᠮᠦᠵᠢᠬᠦᠯᠦᠭᠰᠡᠨ᠃ ᠡᠯ᠎ᠡ ᠨᠢᠭᠡᠴᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠡ ᠳᠤ ᠭᠠᠯ ᠤᠨᠲᠠᠷᠠᠭᠠᠬᠤ ᠤᠬᠠᠭᠤᠯᠭ᠎ᠠ ᠪᠣᠯᠪᠠᠰᠤᠷᠠᠯ ᠪᠠ ᠵᠢᠯᠤᠭᠤᠳᠤᠯᠭ᠎ᠠ ᠦᠢᠯᠡᠴᠢᠯᠡᠭᠡ  ᠶᠢ ᠢᠳᠡᠪᠬᠢᠲᠡᠢ ᠬᠠᠩᠭᠠᠵᠤ᠂ ᠭᠠᠯ ᠤᠨᠲᠠᠷᠠᠭᠠᠬᠤ ᠤᠬᠠᠭᠤᠯᠭ᠎ᠠ ᠬᠦᠮᠦᠵᠢᠯ  ᠪᠠ  ᠭᠠᠯ ᠤᠨᠲᠠᠷᠠᠭᠠᠬᠤ ᠪᠠᠭᠠᠵᠢ ᠲᠦᠬᠦᠭᠡᠷᠦᠮᠵᠢ ᠶᠢ ᠬᠡᠷᠡᠭᠯᠡᠬᠦ   ᠪᠣᠯᠪᠠᠰᠤᠷᠠᠯ ᠰᠤᠷᠢᠯᠳᠠ ᠶᠢ ᠬᠠᠨᠳᠤᠯᠭᠠᠳᠤ ᠴᠢᠨᠠᠷᠲᠠᠢ ᠪᠠᠷ ᠦᠷᠨᠢᠬᠦᠯᠦᠨ᠂ ᠪᠣᠯᠪᠠᠰᠤᠷᠠᠯ ᠳᠤ ᠣᠷᠣᠯᠴᠠᠭᠰᠠᠨ ᠬᠥᠮᠥᠨ  ᠨᠢᠬᠡᠪᠦᠷᠢ ᠶᠢᠨ ᠭᠠᠯ ᠰᠡᠷᠭᠡᠶᠢᠯᠡᠬᠦ ᠮᠡᠳᠡᠯᠭᠡ ᠴᠢᠳᠠᠪᠤᠷᠢ ᠶᠢ ᠰᠤᠷᠴᠤ ᠬᠡᠷᠡᠭᠯᠡᠵᠦ ᠴᠢᠳᠠᠬᠤ ᠂  ᠪᠠᠶᠢᠩᠭᠤ ᠲᠣᠬᠢᠶᠠᠯᠳᠤᠳᠠᠭ ᠠᠮᠤᠷ ᠲᠦᠪᠰᠢᠨ   ᠤ ᠠᠰᠠᠭᠤᠳᠠᠯ ᠢ ᠪᠠᠶᠢᠴᠠᠭᠠᠨ ᠴᠡᠭᠴᠡᠯᠡᠵᠦ ᠴᠢᠳᠠᠬᠤ᠂  ᠭᠠᠯ ᠤᠨᠳᠠᠷᠠᠭᠠᠵᠤ ᠠᠶᠤᠯ ᠠᠴᠠ ᠠᠪᠤᠷᠠᠬᠤ ᠤᠬᠠᠭᠤᠯᠭ᠎ᠠ ᠬᠦᠮᠦᠵᠢᠯ ᠢ ᠵᠣᠬᠢᠶᠠᠨ ᠪᠠᠶᠢᠭᠤᠯᠵᠤ ᠴᠢᠳᠠᠬᠤ ᠶᠢ ᠦᠨᠡᠨᠬᠦ ᠪᠠᠳᠤᠯᠠᠵᠤ᠂  ᠨᠢᠭᠡ ᠪᠦᠯᠦᠭ ᠭᠠᠯ ᠰᠡᠷᠭᠡᠶᠢᠯᠡᠯᠳᠡ ᠶᠢᠨ ᠰᠢᠯᠢᠳᠡᠭ ᠠᠵᠢᠯᠳᠠᠳ ᠢ ᠬᠦᠮᠦᠵᠢᠬᠦᠯᠵᠡᠢ᠃     ︽ᠬᠦᠨᠵᠡᠬᠡᠶᠢᠷᠡᠬᠦ ᠬᠡᠯᠪᠡᠷᠢ︾   ᠪᠠᠷ ᠠᠮᠤᠷ ᠲᠦᠪᠰᠢᠨ ᠤ ᠶᠡᠷᠦ ᠶᠢᠨ ᠮᠡᠳᠡᠯᠭᠡ   ᠶᠢ ᠤᠬᠠᠭᠤᠯᠤᠭᠰᠠᠨ᠃  ᠭᠠᠯ  ᠤᠨᠳᠠᠷᠠᠭᠠᠬᠤ ᠠᠵᠢᠯᠲᠠᠨ᠂  ᠨᠡᠶᠢᠭᠡᠮ ᠲᠤᠭᠤᠷᠢᠭ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠳᠠᠳ ᠵᠡᠷᠭᠡ ᠦᠨᠳᠦᠰᠦᠨ ᠱᠠᠲᠤᠨ ᠤ ᠬᠦᠴᠦᠨ ᠢ ᠵᠣᠬᠢᠶᠠᠨ ᠪᠠᠶᠢᠭᠤᠯᠵᠤ᠂ ︽ᠡᠭᠦᠳᠡ ᠲᠣᠭᠰᠢᠵᠤ ᠡᠷᠥᠭᠡ ᠲᠤᠭᠤᠷᠢᠬᠤ︾ ᠭᠡᠯᠪᠡᠷᠢ ᠪᠠᠷ ᠤᠬᠠᠭᠤᠯᠭ᠎ᠠ ᠬᠥᠮᠦᠵᠢᠯ   ᠤᠨ ᠠᠵᠢᠯᠯᠠᠭ᠎ᠠ ᠶᠢ ᠦᠷᠨᠢᠬᠦᠯᠦᠨ᠂ ᠰᠠᠭᠤᠭᠠᠯᠢ ᠠᠷᠠᠳ ᠲᠤ ᠭᠠᠯ ᠰᠡᠷᠭᠡᠶᠢᠯᠡᠬᠦ ᠤᠬᠠᠭᠤᠯᠭ᠎ᠠ ᠶᠢᠨ  ᠮᠠᠲ᠋ᠧᠷᠢᠶᠠᠯ  ᠢ ᠲᠠᠷᠬᠠᠭᠠᠬᠤ ᠶᠢᠨ ᠬᠠᠮᠲᠤ᠂  ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ ᠂ ᠬᠡᠢ ᠬᠡᠷᠡᠭᠯᠡᠬᠦ ᠳᠤ ᠠᠩᠬᠠᠷᠬᠤ ᠵᠦᠢᠯᠡᠰ ᠵᠢᠴᠢ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ  ᠂ ᠠᠶᠤᠯ ᠠᠴᠠ ᠵᠠᠶᠢᠯᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠴᠠᠬᠢᠯᠭᠠᠨ ᠬᠡᠷᠡᠭᠰᠡᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ  ᠪᠠᠶᠢᠴᠠᠭᠠᠵᠤ ᠰᠣᠯᠢᠬᠤ ᠵᠡᠷᠭᠡ ᠲᠠᠯ᠎ᠠ ᠪᠠᠷ ᠲᠠᠬᠢᠨ ᠲᠠᠪᠳᠠᠨ ᠰᠠᠨᠠᠭᠤᠯᠵᠤ᠂  ᠭᠠᠯ ᠤᠨ  ᠠᠶᠤᠯ ᠭᠠᠷᠬᠤ ᠶᠢ ᠦᠨᠳᠦᠰᠦᠨ ᠠᠴᠠ ᠨᠢ ᠰᠡᠷᠭᠡᠶᠢᠯᠡᠬᠦ ᠪᠠ ᠪᠠᠭᠠᠰᠬᠠᠭᠰᠠᠨ ᠪᠠᠶᠢᠨ᠎ᠠ᠃ ︽ᠴᠢᠯᠦᠬᠡᠳᠡᠢ ᠨᠡᠭᠡᠭᠡᠬᠦ ᠬᠡᠯᠪᠡᠷᠢ︾ ᠪᠠᠷ ᠠᠷᠠᠳ ᠣᠯᠠᠨ ᠤ ᠰᠤᠷᠴᠤ ᠡᠵᠡᠮᠰᠢᠬᠦ ᠤᠷᠮᠠᠰᠢᠯ ᠢ ᠲᠠᠶᠢᠴᠢᠯᠠᠭᠰᠠᠨ᠃ ᠬᠠᠷᠢᠶ᠎ᠠ ᠣᠷᠣᠨ ᠤ   ᠪᠠᠨ ᠭᠠᠯ ᠤᠨᠲᠠᠷᠠᠭᠠᠬᠤ ᠥᠷᠲᠡᠭᠡ ᠶᠢ ᠴᠢᠯᠦᠬᠡᠳᠡᠢ ᠭᠠᠳᠠᠭᠰᠢ ᠨᠡᠭᠡᠭᠡᠵᠦ᠂ ᠠᠵᠤ ᠠᠬᠤᠶᠢᠯᠠᠯ᠂ ᠪᠠᠶᠢᠭᠤᠯᠭ᠎ᠠ ᠨᠢᠭᠡᠴᠡ ᠶᠢᠨ ᠠᠵᠢᠯᠲᠠᠨ ᠠᠵᠢᠯᠴᠢᠨ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠰᠤᠷᠤᠭᠴᠢᠳ   ᠢ ᠤᠷᠢᠵᠤ᠂ ᠭᠠᠯ ᠤᠨᠲᠠᠷᠠᠭᠠᠬᠤ ᠲᠡᠷᠭᠡ ᠬᠥᠰᠬᠡ  ᠪᠠ ᠪᠠᠭᠠᠵᠢ ᠲᠥᠬᠦᠭᠡᠷᠦᠮᠵᠢ ᠶᠢ ᠣᠶᠢᠷ᠎ᠠ ᠵᠠᠢ ᠠᠴᠠ ᠬᠠᠷᠠᠭᠤᠯᠤᠨ᠂  ᠪᠠᠭᠠᠵᠢ ᠲᠦᠬᠦᠭᠡᠷᠦᠮᠵᠢ ᠶᠢᠨ ᠦᠢᠯᠡᠳᠦᠯ ᠴᠢᠳᠠᠮᠵᠢ ᠪᠠ ᠬᠡᠷᠡᠭᠯᠡᠬᠦ ᠠᠷᠭ᠎ᠠ ᠶᠢ ᠲᠠᠶᠢᠯᠪᠤᠷᠢᠯᠠᠵᠤ᠂  ᠭᠠᠯ ᠰᠡᠷᠭᠡᠶᠢᠯᠡᠵᠦ ᠭᠠᠯ ᠤᠨᠳᠠᠷᠠᠭᠠᠬᠤ ᠶᠡᠷᠦ ᠶᠢᠨ ᠮᠡᠳᠡᠯᠭᠡ ᠶᠢ ᠡᠵᠡᠮᠰᠢᠬᠦᠯᠪᠡ᠃     ︽ᠦᠪᠴᠢ ᠬᠠᠮᠤᠷᠬᠤ ᠬᠡᠯᠪᠡᠷᠢ︾ ᠪᠠᠷ  ᠵᠠᠬ᠎ᠠ ᠵᠡᠬᠡᠯᠢ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠬᠭᠰᠠᠨ᠃ ᠵᠡᠭᠡᠯᠢ ᠳᠠᠭᠠᠤ  ᠳᠠᠬᠢ ᠲᠡᠯᠬᠡᠬᠦᠷ ᠬᠤᠳᠠᠯᠳᠤᠭᠠᠨ ᠤ ᠭᠠᠵᠠᠷ ᠢᠶᠠᠷ ᠭᠦᠨᠵᠡᠭᠡᠶᠢᠷᠡᠨ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠭᠠᠯ ᠤᠨᠲᠠᠷᠠᠭᠠᠬᠤ ᠮᠡᠳᠡᠯᠭᠡ ᠶᠢ ᠲᠦᠬᠡᠮᠡᠯᠵᠢᠬᠦᠯᠦᠨ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ ᠪᠠᠶᠢᠭᠠᠳ ᠭᠠᠯ ᠬᠡᠷᠡᠭᠯᠡᠬᠦ᠂ ᠴᠠᠬᠢᠯᠭᠠᠨ ᠭᠡᠷᠡᠭᠯᠡᠬᠦ᠂  ᠲᠠᠯᠳᠠ ᠭᠡᠮ ᠢ ᠪᠠᠶᠢᠴᠠᠭᠠᠬᠤ ᠵᠡᠷᠭᠡ ᠭᠠᠯ ᠰᠡᠷᠭᠡᠶᠢᠯᠡᠯᠡᠳᠡ ᠶᠢᠨ ᠮᠡᠳᠡᠯᠭᠡ ᠶᠢ ᠭᠤᠣᠯᠳᠠᠯᠭ᠎ᠠ ᠲᠠᠢ ᠲᠠᠶᠢᠯᠪᠤᠷᠢᠯᠠᠵᠤ᠂  ᠵᠡᠭᠡᠯᠢ ᠳᠠᠭᠠᠤ  ᠳᠠᠬᠢ ᠳᠡᠯᠭᠡᠭᠦᠷ ᠬᠤᠳᠠᠯᠳᠤᠭᠠᠨ ᠤ  ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号