12 ᠰᠠᠷ᠎ᠠ ᠶᠢᠨ 19 ᠠᠴᠠ 24 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤ ᠳᠠᠷᠤᠭ᠎ᠠ ᠴᠧᠨ ᠶᠠᠨ ᠪᠦᠦ ᠪᠦᠯᠬᠦᠮ ᠳᠠᠭᠠᠭᠤᠯᠤᠨ ᠹᠦᠵᠢᠶᠠᠨ ᠮᠤᠵᠢ ᠶᠢᠨ ᠹᠦᠴᠢᠩ ᠬᠤᠲᠠ᠂ ᠾᠧᠨᠠᠨ | ᠮᠤᠵᠢ ᠶᠢᠨ ᠵᠧᠩᠵᠧᠦ ᠬᠤᠲᠠ᠂ ᠵᠧᠵᠢᠶᠠᠩ ᠮᠤᠵᠢ ᠶᠢᠨ ᠵᠢᠶᠠᠰᠢᠩ ᠬᠤᠲᠠ᠂ ᠵᠢᠶᠠᠩᠰᠤ ᠮᠤᠵᠢ ᠶᠢᠨ ᠰᠦᠵᠧᠦ | ᠬᠤᠲᠠ ᠳᠤ ᠬᠦᠷᠴᠦ ᠠᠷᠠᠯᠵᠢᠶᠠᠴᠢᠨ ᠤᠷᠢᠬᠤ ᠶᠢᠨ ᠲᠠᠭᠠᠤ ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠬᠤ | ᠪᠦᠯᠬᠦᠮ ᠤᠨ ᠬᠢᠨ ᠤᠷᠢᠳ ᠬᠤᠵᠢᠳ ᠭᠤᠸᠠᠨ ᠴᠧᠩ ᠤᠨ ᠷᠦᠢ ᠮᠢᠨ ᠰᠢᠨ᠎ᠡ ᠡᠨᠧᠷᠭᠢ ᠶᠢᠨ ᠰᠢᠨᠵᠢᠯᠡᠭᠡ | ᠮᠡᠷᠭᠡᠵᠢᠯ ᠤᠨ ᠬᠢᠵᠠᠭᠠᠷᠲᠤ ᠺᠣᠮᠫᠠᠨᠢ᠂ ᠢᠤᠢ ᠯᠢᠶᠠᠨ ᠰᠢᠨ᠎ᠡ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ | ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ᠂ ᠵᠢᠶᠠ ᠰᠢᠩ ᠶᠢᠦ ᠸᠧᠢ ᠨᠡᠶᠢᠯᠡᠮᠡᠯ ᠮᠠᠲ᠋ᠧᠷᠢᠶᠠᠯ ᠤᠨ | ᠬᠢᠵᠠᠭᠠᠷᠲᠤ ᠺᠣᠮᠫᠠᠨᠢ᠂ ᠪᠠᠩ ᠳ᠋ᠧ ᠰᠢᠨᠵᠢᠯᠡᠭᠡ ᠮᠡᠷᠭᠡᠵᠢᠯ ᠤᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ | ᠵᠡᠷᠭᠡ ᠠᠵᠤ ᠠᠬᠤᠶᠢᠯᠠᠯ ᠳᠤ ᠬᠦᠷᠴᠦ᠂ ᠨᠢᠭᠡᠳᠦᠭᠡᠷ ᠹᠷᠣᠨᠲ ᠤᠨ ᠦᠢᠯᠡᠳᠪᠦᠷᠢᠯᠡᠯ ᠤᠨ ᠲᠠᠰᠤᠭ᠂ | ᠦᠵᠡᠭᠦᠯᠦᠯᠭᠡ ᠶᠢᠨ ᠲᠢᠩᠬᠢᠮ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠠᠢ᠃ ᠴᠧᠨ | ᠶᠠᠨ ᠪᠦᠦ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪ ᠵᠠᠭᠪᠤᠷ᠂ ᠨᠠᠷᠠᠲᠤ ᠲᠡᠮᠳᠡᠭ ᠤᠨ ᠲᠥᠯᠦᠪᠵᠢᠭᠦᠯᠭᠡ᠂ | ᠪᠦᠲᠦᠭᠡᠭᠳᠡᠬᠦᠨ ᠤ ᠳᠠᠪᠠᠭᠤᠯᠢᠭ᠂ ᠰᠢᠨ᠎ᠡ ᠶᠢ ᠡᠭᠦᠳᠬᠦ ᠮᠡᠷᠭᠡᠵᠢᠯ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ | ᠵᠠᠬ᠎ᠠ ᠳᠡᠯᠭᠡᠭᠦᠷ ᠤᠨ ᠠᠯᠤᠰ ᠬᠡᠲᠦ ᠶᠢᠨ ᠲᠥᠯᠥᠪ ᠵᠢᠴᠢ ᠴᠢᠳᠠᠪᠤᠷᠢᠲᠠᠨ ᠢ ᠬᠥᠮᠥᠵᠢᠭᠦᠯᠬᠦ ᠠᠵᠢᠯ ᠤᠨ ᠪᠠᠶᠢᠳᠠᠯ ᠢ | ᠨᠠᠷᠢᠨ ᠤᠶᠢᠯᠠᠭᠠᠭᠰᠠᠨ ᠤ ᠬᠠᠮᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ | ᠰᠣᠯᠢᠯᠴᠠᠵᠤ᠂ ᠲᠠᠶᠢᠹᠤᠰᠧ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ᠂ ᠠᠷᠠᠯᠵᠢᠶᠠᠴᠢᠨ ᠤᠷᠢᠬᠤ ᠲᠥᠷᠥ ᠶᠢᠨ | ᠪᠣᠳᠣᠯᠭ᠎ᠠ᠂ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢᠶᠠᠨ ᠨᠠᠷᠢᠨ ᠲᠠᠨᠢᠯᠴᠠᠭᠤᠯᠤᠭᠰᠠᠨ ᠪᠠᠶᠢᠨ᠎ᠠ᠃ ᠴᠧᠨ | ᠶᠠᠨ ᠪᠦᠦ ᠢᠯᠡᠷᠭᠡᠶᠢᠯᠡᠬᠦ ᠳᠡᠭᠡᠨ᠂ ᠲᠠᠶᠢᠹᠤᠰᠧ ᠬᠤᠰᠢᠭᠤ ᠨᠢ ᠣᠷᠣᠨ ᠪᠠᠶᠢᠷᠢ ᠶᠢᠨ ᠲᠠᠯᠠᠪᠠᠷ ᠳᠠᠪᠠᠭᠤᠯᠢᠭ ᠪᠦᠭᠡᠳ | ᠡᠯ᠎ᠡ ᠲᠦᠷᠦᠯ ᠤᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ᠂ ᠬᠠᠷᠠᠭᠠᠯᠵᠠᠯ ᠤᠨ ᠲᠦᠷᠦ ᠶᠢᠨ ᠪᠣᠳᠣᠯᠭ᠎ᠠ | ᠰᠠᠶᠢᠨ ᠪᠠᠶᠢᠵᠤ᠂ ᠯᠤᠲᠤ ᠶᠡᠭᠡ ᠬᠥᠭᠵᠢᠯᠲᠡ ᠶᠢᠨ ᠳᠠᠯᠳᠠ ᠬᠦᠴᠦᠨ ᠪᠠ ᠪᠡᠯᠡ ᠣᠷᠣᠭᠤᠯᠤᠯᠲᠠ ᠶᠢᠨ ᠣᠷᠣᠨ | ᠵᠠᠢ ᠲᠠᠢ ᠶᠤᠮ᠂ ᠠᠵᠤ ᠠᠬᠤᠶᠢᠯᠠᠯᠲᠠᠳ ᠲᠠᠶᠢᠹᠤᠰᠧ ᠬᠤᠰᠢᠭᠤᠨ ᠳᠤ ᠬᠦᠷᠴᠦ ᠲᠤᠬᠠᠢ ᠶᠢᠨ ᠭᠠᠵᠠᠷ ᠲᠤᠨᠢ | ᠰᠢᠨᠵᠢᠯᠡᠨ ᠪᠠᠶᠢᠴᠠᠭᠠᠬᠤ ᠶᠢᠨ ᠬᠠᠮᠳᠤ ᠪᠡᠯᠡ ᠤᠷᠤᠭᠤᠯᠵᠤ ᠦᠢᠯᠡᠰ ᠪᠣᠰᠬᠠᠬᠤ ᠶᠢ ᠴᠢᠩ ᠰᠡᠳᠬᠢᠯ ᠠᠴᠠ ᠪᠠᠨ | ᠪᠠᠶᠠᠷᠯᠠᠨ ᠤᠭᠲᠤᠵᠤ ᠪᠠᠶᠢᠨ᠎ᠠ᠃ ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ | ᠬᠠᠷᠠᠭᠠᠯᠵᠠᠯ ᠤᠨ ᠲᠦᠷᠦ ᠶᠢᠨ ᠪᠣᠳᠣᠯᠭ᠎ᠠ᠂ ᠰᠢᠯᠢᠳᠡᠭ ᠦᠢᠯᠡᠴᠢᠯᠡᠭᠡ ᠪᠠᠷ ᠲᠦᠷᠦᠯ ᠵᠦᠢᠯ ᠤᠨ ᠲᠠᠶᠢᠹᠤᠰᠧ | ᠬᠤᠰᠢᠭᠤᠨ ᠳᠤ ᠨᠤᠳᠤᠭᠰᠢᠵᠤ᠂ ᠦᠨᠳᠦᠰᠦᠯᠡᠵᠦ᠂ ᠴᠡᠴᠡᠭᠯᠡᠵᠦ᠂ ᠵᠢᠮᠢᠰᠯᠡᠬᠦ ᠶᠢ ᠪᠦᠬᠦ ᠬᠦᠴᠦᠨ ᠢᠶᠠᠷ ᠠᠬᠢᠭᠤᠯᠤᠨ᠎ᠠ | ᠬᠡᠵᠡᠢ᠃ ᠲᠡᠳ᠋ ᠬᠤᠰᠢᠭᠤ ᠲᠠᠷᠤᠭ᠎ᠠ ᠰᠦᠨ ᠶᠠᠨ᠂ ᠵᠠᠰᠠᠭ ᠤᠨ ᠣᠷᠳᠣᠨ ᠤ ᠠᠯᠪᠠᠨ ᠭᠡᠷ᠂ ᠣᠷᠣᠨ ᠪᠦᠰᠡ ᠶᠢᠨ | ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠤᠨ ᠭᠤᠣᠯ ᠬᠠᠷᠢᠭᠤᠴᠠᠯᠭᠠᠲᠠᠨ ᠠᠵᠢᠯᠯᠠᠭ᠎ᠠ ᠳᠤ ᠤᠷᠤᠯᠴᠠᠪᠠ᠃ |