12 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠰᠢᠭᠤ ᠨᠠᠮ ᠤᠨ | ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 22 ᠳ᠋ᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ ᠪᠥᠬᠦ ᠬᠤᠰᠢᠭᠤᠨ ᠤ | ᠳᠡᠭᠡᠳᠦ ᠳᠣᠣᠷᠠᠳᠤ ᠱᠠᠲᠤᠨ ᠤ ᠬᠢᠨ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ | ᠲᠤᠬᠠᠢ ᠤᠯᠤᠰ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ | ᠂ ᠨᠠᠮ ᠤᠨ ᠦᠨᠳᠦᠰᠦᠲᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ᠂ | ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠠᠬᠢᠭᠤᠯᠵᠤ᠂ ᠨᠡᠶᠢᠭᠡᠮ ᠤᠨ ᠡᠶ᠎ᠡ | ᠵᠣᠬᠢᠴᠠᠯ ᠠᠮᠤᠷ ᠲᠣᠭᠲᠠᠭᠤᠨ ᠢ ᠬᠠᠮᠠᠭᠠᠯᠠᠬᠤ ᠳᠤ ᠨᠢᠭᠡᠳᠦᠮᠡᠯ ᠹᠷᠣᠨᠲ ᠤᠨ ᠢᠳᠡᠪᠬᠢ ᠦᠢᠯᠡᠳᠦᠯ ᠢ ᠪᠠᠳᠠᠷᠠᠭᠤᠯᠬᠤ | ᠬᠡᠷᠡᠭᠲᠡᠢ᠃ ᠦᠨᠳᠦᠰᠦᠲᠡᠨ ᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠡᠯ᠎ᠡ ᠲᠦᠷᠦᠯ ᠤᠨ ᠠᠵᠢᠯ ᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠡᠰᠢ ᠲᠥᠪᠯᠡᠷᠡᠭᠦᠯᠤᠨ᠂ | ᠨᠢᠭᠡᠳᠦᠮᠡᠯ ᠹᠷᠣᠨᠲ ᠤᠨ ᠠᠵᠢᠯ ᠤᠨ ᠰᠡᠳᠬᠢᠴᠡ ᠣᠶᠢᠯᠠᠭᠠᠭᠳᠠᠬᠤᠨ ᠪᠠ ᠠᠷᠭ᠎ᠠ ᠬᠡᠯᠪᠡᠷᠢ ᠶᠢᠨ ᠰᠢᠨ᠎ᠡ ᠶᠢ | ᠡᠭᠦᠳᠬᠦ ᠶᠢ ᠢᠳᠡᠪᠬᠢᠲᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠢᠨ᠎ᠡ | ᠳᠡᠭᠲᠡᠷ ᠲᠤ ᠭᠠᠷᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ᠂ ᠰᠢ ᠶᠢᠨ ᠫᠢᠩ | ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ | ᠲᠤᠬᠠᠢ ᠴᠢᠬᠤᠯᠠ ᠦᠵᠡᠯ ᠰᠠᠨᠠᠭ᠎ᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠲᠠᠬᠢᠨ ᠵᠦᠪᠯᠡᠬᠦ ᠬᠠᠤᠯᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ | ᠳᠦᠷᠢᠮ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠰᠦᠨ ᠱᠤᠤ ᠴᠧᠩ ᠱᠦᠵᠢ ᠶᠢᠨ | ᠤᠯᠠᠭᠠᠨᠬᠠᠳᠠ ᠬᠤᠳᠠ ᠶᠢᠨ ᠬᠡᠰᠡᠭ ᠬᠤᠰᠢᠭᠤ ᠰᠢᠶᠠᠨ ︵ᠲᠣᠭᠤᠷᠢᠭ︶ ᠤ ᠠᠵᠢᠯ ᠤᠨ ᠮᠡᠳᠡᠭᠦᠯᠦᠯᠲᠡ ᠶᠢ ᠰᠣᠨᠣᠰᠬᠤ | ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ᠂ ᠬᠡᠰᠡᠭ ᠭᠠᠵᠠᠷ ᠤᠨ ᠲᠠᠰ ᠤᠨ ᠤᠳᠤᠷᠢᠳᠤᠯᠭ᠎ᠠ ᠠᠴᠠ | ᠪᠠᠰᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠮᠥᠩᠭᠦᠨ ᠭᠦᠢᠯᠭᠡᠭᠡᠨ ᠤ ᠠᠵᠢᠯ᠂ ᠱᠠᠰᠢᠨ | ᠰᠤᠷᠲᠠᠬᠤᠨ ᠤ ᠠᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠪᠠ᠃ |