12 ᠰᠠᠷ᠎ᠠ ᠶᠢᠨ 25 ᠤ ᠡᠳᠦᠷ᠂ ᠲᠠᠶᠢᠹᠤᠰᠧ ᠬᠤᠰᠢᠭᠤᠨ ᠤ 2023 ᠣᠨ ᠤ ᠳᠤᠮᠳᠠᠳᠤ ᠤᠯᠤᠰ ᠤᠨ | ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠰᠢᠯᠢ ᠶᠢᠨ ᠭᠤᠣᠯ ᠠᠶᠢᠮᠠᠭ ᠤᠨ | ᠵᠠᠬᠢᠷᠭ᠎ᠠ ᠶᠢᠨ ︽ᠣᠷᠣᠯᠭ᠎ᠠ ᠪᠠᠭᠠᠲᠠᠢ ᠡᠮᠡᠭᠲᠡᠶᠢᠴᠦᠳ ᠤᠨ ᠬᠤᠶᠠᠷ ᠥᠮᠡᠨ ᠤ ᠠᠪᠤᠷᠠᠨ ᠲᠤᠰᠠᠯᠠᠯᠲᠠ︾ ᠶᠢᠨ ᠪᠡᠯᠡ | ᠮᠥᠩᠭᠦ ᠶᠢ ᠲᠠᠷᠬᠠᠭᠠᠬᠤ ᠶᠣᠰᠣᠯᠠᠯ ᠶᠠᠪᠤᠭᠳᠠᠵᠤ᠂ ᠪᠥᠬᠦ ᠬᠤᠰᠢᠭᠤᠨ ᠤ 7 ᠰᠤᠮᠤ ᠰᠢᠶᠠᠩ ᠪᠠᠯᠭᠠᠰᠤᠨ ᠤ 30 ᠨᠡᠷ᠎ᠡ | ︽ᠬᠤᠶᠠᠷ ᠥᠮᠡᠨ︾ ᠳᠤ ᠨᠡᠷᠪᠡᠭᠳᠡᠭᠰᠡᠨ ᠣᠷᠣᠯᠭ᠎ᠠ ᠪᠠᠭᠠᠲᠠᠢ ᠡᠮᠡᠭᠲᠡᠶᠢᠴᠦᠳ ᠲᠤ ᠬᠥᠮᠥᠨ ᠪᠦᠷᠢ ᠶᠢᠨ 10000 | ᠲᠥᠭᠦᠷᠢᠭ ᠤᠨ ᠠᠪᠤᠷᠠᠨ ᠲᠤᠰᠠᠯᠠᠬᠤ ᠪᠡᠯᠡ ᠮᠥᠩᠭᠦ ᠣᠯᠭᠤᠪᠠ᠃ ᠶᠣᠰᠣᠯᠠᠯ ᠳᠡᠭᠡᠷ᠎ᠡ᠂ ᠬᠤᠰᠢᠭᠤᠨ ᠤ | ᠡᠮᠡᠭᠲᠡᠶᠢᠴᠦᠳ ᠤᠨ ᠬᠤᠯᠪᠤᠭᠠᠨ ᠤ ᠬᠠᠷᠢᠭᠤᠴᠠᠯᠭᠠᠲᠠᠨ ᠠᠴᠠ ᠠᠪᠤᠷᠠᠨ ᠲᠤᠰᠠᠯᠠᠬᠤ ᠨᠢᠭᠤᠷᠯᠠᠯ ᠪᠠ ᠭᠡᠷ | ᠪᠦᠯᠢ ᠶᠢᠨ ᠬᠢᠨ ᠳᠤ ᠡᠮᠡᠭᠲᠡᠶᠢᠴᠦᠳ ᠤᠨ ︽ᠬᠤᠶᠠᠷ ᠥᠮᠡᠨ︾ ᠤ ᠦᠨ᠎ᠡ ᠲᠦᠯᠦᠪᠦᠷᠢ ᠦᠬᠡᠢ ᠪᠠᠶᠢᠴᠠᠭᠠᠯᠳᠠ ᠂ | ︽ᠬᠤᠶᠠᠷ ᠥᠮᠡᠨ︾ ᠤ ᠠᠪᠤᠷᠠᠨ ᠲᠤᠰᠠᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠡᠷᠭᠡ ᠶᠢ ᠲᠠᠶᠢᠯᠪᠤᠷᠢᠯᠠᠨ | ᠥᠭᠴᠦ᠂ ᠡᠪᠡᠳᠴᠢᠨ ᠲᠠᠢ ᠡᠮᠡᠭᠲᠡᠶᠢᠴᠦᠳ ᠪᠠ ᠲᠡᠳᠡᠨ ᠤ ᠭᠡᠷ ᠪᠦᠯᠢ ᠶᠢᠨ ᠬᠢᠨ ᠢ ᠪᠠᠶᠠᠰᠤᠩᠭᠤᠢ ᠰᠡᠳᠬᠢᠯᠭᠡ ᠲᠠᠢ | ᠪᠠᠶᠢᠵᠤ᠂ ᠡᠷᠡᠭᠡᠯᠵᠡᠯ ᠢᠶᠠᠨ ᠲᠠᠶᠠᠭᠳᠠᠨ᠂ ᠡᠮᠴᠢᠯᠡᠭᠡ ᠳᠤ ᠢᠳᠡᠪᠬᠢᠳᠡᠢ ᠬᠠᠮᠵᠢᠯᠴᠠᠵᠤ᠂ ᠡᠪᠡᠳᠴᠢᠨ ᠵᠤᠪᠠᠯᠠᠩ ᠢ | ᠡᠷᠲᠡᠬᠡᠨ ᠢᠯᠠᠨ ᠲᠠᠪᠠᠳᠤᠭᠠᠢ ᠬᠡᠵᠦ ᠵᠤᠷᠢᠬᠵᠢᠭᠤᠯᠤᠭᠰᠠᠨ ᠪᠠᠶᠢᠨ᠎ᠠ᠃ ︽ᠬᠤᠶᠠᠷ ᠥᠮᠡᠨ︾ ᠤ ᠠᠪᠤᠷᠠᠨ | ᠲᠤᠰᠠᠯᠠᠬᠤ ᠲᠦᠷᠦᠯ ᠵᠦᠢᠯ ᠪᠠ ︽ᠬᠤᠶᠠᠷ ᠥᠮᠡᠨ︾ ᠤ ᠦᠨ᠎ᠡ ᠲᠦᠯᠦᠪᠦᠷᠢ ᠦᠬᠡᠢ ᠪᠠᠶᠢᠴᠠᠭᠠᠯᠳᠠ ᠪᠣᠯ ᠨᠠᠮ | ᠵᠠᠰᠠᠭ ᠠᠴᠠ ᠦᠷᠭᠡᠨ ᠤᠯᠠᠨ ᠡᠮᠡᠭᠳᠡᠶᠢᠴᠤᠳ ᠢ ᠬᠠᠶᠢᠷᠠᠯᠠᠨ ᠬᠠᠯᠠᠮᠵᠢᠯᠠᠬᠤ ᠨᠢᠭᠡ ᠲᠦᠷᠦᠯ ᠤᠨ ᠠᠷᠠᠳ ᠤᠨ | ᠠᠮᠢᠳᠤᠷᠠᠯ ᠤᠨ ᠢᠨᠵᠧᠨᠧᠷᠢᠩ᠂ ᠡᠮᠡᠭᠲᠡᠶᠢᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠶᠢᠨ | ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠯᠠᠮᠵᠢᠯᠠᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠮᠥᠨ᠃ | 2023 ᠣᠨ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠨᠢ ᠪᠥᠬᠦ ᠬᠤᠰᠢᠭᠤᠨ ᠤ ᠬᠡᠪᠴᠢᠶᠡᠨ ᠳᠤ ︽ | ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ | ᠠᠪᠴᠤ ᠪᠠᠶᠢᠭᠠᠳ ᠡᠯ᠎ᠡ ᠲᠠᠯ᠎ᠠ ᠶᠢᠨ ᠪᠡᠯᠡ ᠮᠥᠩᠭᠦ ᠶᠢ ᠡᠷᠡᠮᠡᠯᠵᠡᠯᠡᠨ ᠤᠯᠵᠤ ᠂ 71 ᠨᠡᠷ᠎ᠡ ᠨᠥᠬᠦᠴᠡᠯ ᠳᠤ | ᠨᠡᠶᠢᠴᠡᠭᠰᠡᠨ ᠡᠮᠡᠭᠲᠡᠶᠢᠴᠦᠳ ᠲᠤ ᠨᠢᠭᠡ ᠯᠡ ᠤᠳᠠᠭ᠎ᠠ ᠶᠢᠨ ᠴᠢᠨᠠᠷᠲᠠᠢ ᠠᠪᠤᠷᠠᠨ ᠲᠤᠰᠠᠯᠠᠬᠤ ᠮᠥᠩᠭᠦ ᠨᠡᠶᠢᠲᠡ 71 | ᠲᠦᠮᠡᠨ ᠲᠥᠭᠦᠷᠢᠭ ᠢ ᠤᠯᠭᠤᠵᠠᠢ᠃ ᠲᠠᠷᠠᠭᠠᠴᠢ ᠪᠠᠷ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠨᠢ ︽ | ᠲᠥᠷᠬᠦᠮ ᠤᠨ ᠬᠥᠮᠥᠨ︾ ᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠮᠡᠭᠳᠡᠶᠢᠴᠤᠳ ᠤᠨ ︽ | ᠰᠠᠨᠠᠭᠠᠰᠢᠷᠠᠵᠤ ᠵᠤᠪᠠᠵᠤ ᠬᠦᠰᠡᠵᠦ ᠬᠠᠷᠠᠵᠤ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠦᠨ᠂ | ᠡᠮᠡᠭᠲᠡᠶᠢᠴᠦᠳ ᠤᠨ ︽ᠬᠤᠶᠠᠷ ᠥᠮᠡᠨ︾ ᠤ ᠰᠢᠭᠰᠢᠨ ᠪᠠᠶᠢᠴᠠᠭᠠᠬᠤ ᠪᠠ ᠠᠪᠤᠷᠠᠨ ᠲᠤᠰᠠᠯᠠᠬᠤ ᠠᠵᠢᠯ ᠢ | ᠦᠷᠭᠦᠯᠵᠢᠯᠡᠨ ᠠᠬᠢᠭᠤᠯᠵᠤ᠂ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠪᠠ ︽ᠬᠤᠶᠠᠷ | ᠥᠮᠡᠨ︾ ᠤ ᠳᠠᠭᠠᠳᠬᠠᠯ ᠢ ᠳᠡᠯᠭᠡᠷᠡᠭᠦᠯᠬᠦ ᠠᠵᠢᠯ ᠢ ᠶᠡᠬᠡᠪᠡᠷ ᠦᠷᠨᠢᠬᠦᠯᠦᠨ᠂ ᠨᠦᠬᠦᠴᠡᠯ ᠳᠤ ᠨᠡᠶᠢᠴᠡᠭᠰᠡᠨ | ᠡᠮᠡᠭᠲᠡᠶᠢᠴᠦᠳ ᠢ ᠴᠠᠭ ᠲᠤᠬᠠᠢ ᠳᠤᠨᠢ ᠨᠠᠷᠢᠯᠢᠭ ᠣᠨᠣᠴᠠᠲᠠᠢ ᠪᠠᠷ ᠬᠠᠯᠠᠮᠵᠢᠯᠠᠨ ᠲᠡᠳᠬᠦᠵᠦ᠂ ᠡᠯ᠎ᠡ ᠵᠦᠢᠯ ᠤᠨ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠪᠥᠬᠦ | ᠬᠤᠰᠢᠭᠤᠨ ᠤ ᠡᠮᠡᠭᠲᠡᠶᠢᠴᠦᠳ ᠤᠨ ᠤᠯᠤᠯᠳᠠ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯ ᠤᠨ ᠲᠥᠷᠥᠭᠳᠡᠯ᠂ | ᠠᠮᠤᠷ ᠲᠦᠪᠰᠢᠨ ᠤ ᠲᠥᠷᠥᠭᠳᠡᠯ ᠢ ᠤᠯᠠᠮ ᠨᠡᠮᠡᠭᠳᠡᠬᠦᠯᠬᠦ ᠪᠠᠷ ᠪᠠᠶᠢᠨ᠎ᠠ᠃ |