ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2023/12/26
   12 ᠰᠠᠷ᠎ᠠ ᠶᠢᠨ 24 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠣᠣ ᠹᠧᠢ ᠫᠧᠩ  ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠬᠤᠶᠠᠳᠤᠭᠠᠷ ᠤᠳᠠᠭᠠᠨ ᠤ ᠬᠤᠷᠠᠯ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠨᠠᠶᠢᠳᠠᠪᠤᠷᠢᠵᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃
   
  ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠳᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ  ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ   ᠶᠢᠨ ᠦᠨᠳᠦᠰᠦᠲᠡᠨ ᠤ ᠬᠠᠮᠲᠤ   ᠶᠢᠨ ᠴᠣᠭᠴᠠ   ᠶᠢᠨ ᠤᠬᠠᠮᠰᠠᠷ   ᠢ ᠪᠠᠳᠤᠳᠬᠠᠬᠤ ᠭᠤᠣᠯ ᠰᠢᠵᠢᠮ   ᠢ ᠨᠠᠮ ᠤᠨ ᠪᠠᠶᠢᠭᠤᠯᠤᠯᠲᠠ᠂ ᠤᠯᠤᠰ ᠲᠥᠷᠥ  ᠶᠢᠨ ᠪᠠᠶᠢᠭᠤᠯᠤᠯᠲᠠ᠂ ᠠᠵᠤ ᠠᠬᠤᠢ ᠶᠢᠨ ᠬᠥᠭᠵᠢᠯᠲᠡ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ   ᠶᠢᠨ ᠳᠤᠮᠳᠠ ᠲᠤᠤᠱᠯᠠᠭᠤᠯᠵᠤ᠂  ᠪᠤᠳᠠᠳᠠᠢ ᠠᠵᠢᠯᠯᠠᠭ᠎ᠠ ᠪᠠ ᠠᠵᠢᠯ ᠤᠨ ᠠᠮᠵᠢᠯᠲᠠ ᠪᠠᠷ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ︽ᠭᠤᠷᠪᠠᠨ ᠰᠠᠯᠵᠤ ᠴᠢᠳᠠᠰᠢ ᠦᠭᠡᠢ︾ ᠪᠠ ︽ᠲᠠᠪᠤᠨ ᠮᠡᠳᠡᠷᠡᠬᠦᠢ︾ ᠶᠢ ᠤᠯᠠᠮ  ᠪᠠᠳᠤᠳᠬᠠᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠶᠠᠪᠤᠬᠤ ᠶᠢ ᠠᠬᠢᠭᠤᠯᠤᠨ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ  ᠲᠡᠭᠡᠷ᠎ᠡ᠂ 2023 ᠣᠨ ᠤ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠤᠨ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠦᠪᠯᠡᠵᠡᠢ᠃ ᠤᠳᠤᠷᠢᠳᠬᠤ ᠳᠤᠭᠤᠶᠢᠯᠠᠩ ᠤᠨ ᠲᠡᠳ᠋ ᠳᠠᠷᠤᠭ᠎ᠠ ᠵᠢᠴᠢ ᠭᠡᠰᠢᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号