ᠴᠧᠨ ᠶᠠᠨ ᠪᠦᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ  ᠪᠠᠷ ᠪᠦᠯᠬᠦᠮ ᠲᠠᠭᠠᠭᠤᠯᠵᠤ ᠭᠠᠳᠠᠭᠰᠢ ᠭᠠᠷᠤᠭᠰᠠᠨ
ᠨᠡᠶᠢᠲᠡᠯᠡᠭᠰᠡᠨ ᠴᠠᠭ᠄
2023/12/26
  12 ᠰᠠᠷ᠎ᠠ ᠶᠢᠨ 19 ᠠᠴᠠ 24 ᠤ ᠡᠳᠦᠷ ᠪᠣᠯᠲᠠᠯ᠎ᠠ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠪᠦᠯᠬᠦᠮ ᠳᠠᠭᠠᠭᠤᠯᠤᠨ ᠹᠦᠵᠢᠶᠠᠨ ᠮᠤᠵᠢ ᠶᠢᠨ ᠹᠦᠴᠢᠩ ᠬᠤᠲᠠ᠂ ᠾᠧᠨᠠᠨ ᠮᠤᠵᠢ ᠶᠢᠨ ᠵᠧᠩᠵᠧᠦ ᠬᠤᠲᠠ᠂ ᠵᠧᠵᠢᠶᠠᠩ ᠮᠤᠵᠢ ᠶᠢᠨ ᠵᠢᠶᠠᠰᠢᠩ ᠬᠤᠲᠠ᠂ ᠵᠢᠶᠠᠩᠰᠤ ᠮᠤᠵᠢ ᠶᠢᠨ ᠰᠦᠵᠧᠦ ᠬᠤᠲᠠ ᠳᠤ ᠬᠦᠷᠴᠦ ᠠᠷᠠᠯᠵᠢᠶᠠᠴᠢᠨ ᠤᠷᠢᠬᠤ ᠶᠢᠨ ᠲᠠᠭᠠᠤ ᠰᠢᠨᠵᠢᠯᠡᠨ ᠪᠠᠶᠢᠴᠠᠭᠠᠪᠠ᠃
 
   ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠭᠤᠸᠠᠨ ᠴᠧᠩ ᠤᠨ ᠷᠦᠢ ᠮᠢᠨ ᠰᠢᠨ᠎ᠡ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂  ᠢᠤᠢ ᠯᠢᠶᠠᠨ ᠰᠢᠨ᠎ᠡ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ᠂ ᠵᠢᠶᠠ ᠰᠢᠩ ᠶᠢᠦ ᠸᠧᠢ ᠨᠡᠶᠢᠯᠡᠮᠡᠯ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠪᠠᠩ ᠳ᠋ᠧ ᠰᠢᠨᠵᠢᠯᠡᠭᠡ ᠮᠡᠷᠭᠡᠵᠢᠯ ᠤᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠨᠢᠭᠡᠳᠦᠭᠡᠷ ᠹᠷᠣᠨᠲ ᠤᠨ ᠦᠢᠯᠡᠳᠪᠦᠷᠢᠯᠡᠯ ᠤᠨ ᠲᠠᠰᠤᠭ᠂ ᠦᠵᠡᠭᠦᠯᠦᠯᠭᠡ ᠶᠢᠨ ᠲᠢᠩᠬᠢᠮ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠠᠢ᠃  ᠴᠧᠨ ᠶᠠᠨ ᠪᠦᠦ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪ ᠵᠠᠭᠪᠤᠷ᠂ ᠨᠠᠷᠠᠲᠤ ᠲᠡᠮᠳᠡᠭ ᠤᠨ ᠲᠥᠯᠦᠪᠵᠢᠭᠦᠯᠭᠡ᠂ ᠪᠦᠲᠦᠭᠡᠭᠳᠡᠬᠦᠨ ᠤ ᠳᠠᠪᠠᠭᠤᠯᠢᠭ᠂ ᠰᠢᠨ᠎ᠡ ᠶᠢ ᠡᠭᠦᠳᠬᠦ ᠮᠡᠷᠭᠡᠵᠢᠯ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠵᠠᠬ᠎ᠠ ᠳᠡᠯᠭᠡᠭᠦᠷ ᠤᠨ ᠠᠯᠤᠰ ᠬᠡᠲᠦ ᠶᠢᠨ ᠲᠥᠯᠥᠪ ᠵᠢᠴᠢ ᠴᠢᠳᠠᠪᠤᠷᠢᠲᠠᠨ ᠢ ᠬᠥᠮᠥᠵᠢᠭᠦᠯᠬᠦ  ᠠᠵᠢᠯ ᠤᠨ ᠪᠠᠶᠢᠳᠠᠯ ᠢ ᠨᠠᠷᠢᠨ ᠤᠶᠢᠯᠠᠭᠠᠭᠰᠠᠨ ᠤ ᠬᠠᠮᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠠᠶᠢᠹᠤᠰᠧ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠂  ᠠᠷᠠᠯᠵᠢᠶᠠᠴᠢᠨ ᠤᠷᠢᠬᠤ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢᠶᠠᠨ ᠨᠠᠷᠢᠨ
ᠲᠠᠨᠢᠯᠴᠠᠭᠤᠯᠤᠭᠰᠠᠨ ᠪᠠᠶᠢᠨ᠎ᠠ᠃   ᠴᠧᠨ ᠶᠠᠨ ᠪᠦᠦ ᠢᠯᠡᠷᠭᠡᠶᠢᠯᠡᠬᠦ ᠳᠡᠭᠡᠨ᠂  ᠲᠠᠶᠢᠹᠤᠰᠧ  ᠬᠤᠰᠢᠭᠤ ᠨᠢ ᠣᠷᠣᠨ ᠪᠠᠶᠢᠷᠢ
 ᠶᠢᠨ ᠲᠠᠯᠠᠪᠠᠷ ᠳᠠᠪᠠᠭᠤᠯᠢᠭ ᠪᠦᠭᠡᠳ ᠡᠯ᠎ᠡ ᠲᠦᠷᠦᠯ ᠤᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ᠂ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠰᠠᠶᠢᠨ ᠪᠠᠶᠢᠵᠤ᠂ ᠯᠤᠲᠤ ᠶᠡᠭᠡ ᠬᠥᠭᠵᠢᠯᠲᠡ ᠶᠢᠨ ᠳᠠᠯᠳᠠ ᠬᠦᠴᠦᠨ ᠪᠠ ᠪᠡᠯᠡ ᠣᠷᠣᠭᠤᠯᠤᠯᠲᠠ ᠶᠢᠨ ᠣᠷᠣᠨ ᠵᠠᠢ ᠲᠠᠢ ᠶᠤᠮ᠂ ᠠᠵᠤ ᠠᠬᠤᠶᠢᠯᠠᠯᠲᠠᠳ ᠲᠠᠶᠢᠹᠤᠰᠧ ᠬᠤᠰᠢᠭᠤᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠶᠢᠨ ᠬᠠᠮᠳᠤ ᠪᠡᠯᠡ ᠤᠷᠤᠭᠤᠯᠵᠤ ᠦᠢᠯᠡᠰ ᠪᠣᠰᠬᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠃  ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ᠂ ᠰᠢᠯᠢᠳᠡᠭ ᠦᠢᠯᠡᠴᠢᠯᠡᠭᠡ ᠪᠠᠷ ᠲᠦᠷᠦᠯ ᠵᠦᠢᠯ ᠤᠨ ᠲᠠᠶᠢᠹᠤᠰᠧ ᠬᠤᠰᠢᠭᠤᠨ ᠳᠤ
ᠨᠤᠳᠤᠭᠰᠢᠵᠤ᠂ ᠦᠨᠳᠦᠰᠦᠯᠡᠵᠦ᠂ ᠴᠡᠴᠡᠭᠯᠡᠵᠦ᠂ ᠵᠢᠮᠢᠰᠯᠡᠬᠦ ᠶᠢ ᠪᠦᠬᠦ ᠬᠦᠴᠦᠨ ᠢᠶᠠᠷ ᠠᠬᠢᠭᠤᠯᠤᠨ᠎ᠠ ᠬᠡᠵᠡᠢ᠃    ᠲᠡᠳ᠋
ᠬᠤᠰᠢᠭᠤ ᠲᠠᠷᠤᠭ᠎ᠠ ᠰᠦᠨ ᠶᠠᠨ᠂ ᠵᠠᠰᠠᠭ ᠤᠨ ᠣᠷᠳᠣᠨ ᠤ ᠠᠯᠪᠠᠨ ᠭᠡᠷ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠭᠤᠣᠯ ᠬᠠᠷᠢᠭᠤᠴᠠᠯᠭᠠᠲᠠᠨ ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号