ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/26
  12 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 22 ᠳ᠋ᠤᠭᠠᠷ ᠤᠳᠠᠭᠠᠨ ᠤ ᠬᠠᠮᠲᠤ ᠶᠢᠨ
ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠣᠷᠠᠳᠤ
ᠱᠠᠲᠤᠨ ᠤ ᠬᠢᠨ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ  ᠤᠯᠤᠰ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠦᠨᠳᠦᠰᠦᠲᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ᠂ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠠᠬᠢᠭᠤᠯᠵᠤ᠂  ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠬᠠᠮᠠᠭᠠᠯᠠᠬᠤ ᠳᠤ ᠨᠢᠭᠡᠳᠦᠮᠡᠯ ᠹᠷᠣᠨᠲ ᠤᠨ ᠢᠳᠡᠪᠬᠢ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠦᠨᠳᠦᠰᠦᠲᠡᠨ ᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠡᠯ᠎ᠡ  ᠲᠦᠷᠦᠯ ᠤᠨ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠡᠰᠢ ᠲᠥᠪᠯᠡᠷᠡᠭᠦᠯᠤᠨ᠂ ᠨᠢᠭᠡᠳᠦᠮᠡᠯ ᠹᠷᠣᠨᠲ ᠤᠨ ᠠᠵᠢᠯ ᠤᠨ ᠰᠡᠳᠬᠢᠴᠡ ᠣᠶᠢᠯᠠᠭᠠᠭᠳᠠᠬᠤᠨ ᠪᠠ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠢᠨ᠎ᠡ ᠳᠡᠭᠲᠡᠷ ᠲᠤ ᠭᠠᠷᠭᠠᠬᠤ  ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠲᠠᠬᠢᠨ ᠵᠦᠪᠯᠡᠬᠦ ᠬᠠᠤᠯᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠰᠦᠨ ᠱᠤᠤ ᠴᠧᠩ ᠱᠦᠵᠢ ᠶᠢᠨ ᠤᠯᠠᠭᠠᠨᠬᠠᠳᠠ ᠬᠤᠳᠠ ᠶᠢᠨ ᠬᠡᠰᠡᠭ ᠬᠤᠰᠢᠭᠤ ᠰᠢᠶᠠᠨ ︵ᠲᠣᠭᠤᠷᠢᠭ︶ ᠤ ᠠᠵᠢᠯ ᠤᠨ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ  ᠤᠯᠠᠮᠵᠢᠯᠠᠨ᠂  ᠬᠡᠰᠡᠭ ᠭᠠᠵᠠᠷ ᠤᠨ ᠲᠠᠰ ᠤᠨ ᠤᠳᠤᠷᠢᠳᠤᠯᠭ᠎ᠠ ᠠᠴᠠ ᠪᠠᠰᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠮᠥᠩᠭᠦᠨ ᠭᠦᠢᠯᠭᠡᠭᠡᠨ ᠤ ᠠᠵᠢᠯ᠂ ᠱᠠᠰᠢᠨ ᠰᠤᠷᠲᠠᠬᠤᠨ ᠤ ᠠᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号