ᠲᠠᠶᠢᠹᠤᠰᠧ ᠬᠤᠰᠢᠭᠤ ︽ᠬᠤᠶᠠᠷ ᠥᠮᠡᠨ︾  ᠤ ᠠᠪᠤᠷᠠᠨ ᠲᠤᠰᠠᠯᠠᠬᠤ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2023/12/26
   12 ᠰᠠᠷ᠎ᠠ ᠶᠢᠨ 25 ᠤ ᠡᠳᠦᠷ᠂  ᠲᠠᠶᠢᠹᠤᠰᠧ ᠬᠤᠰᠢᠭᠤᠨ ᠤ 2023 ᠣᠨ ᠤ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ︽ᠣᠷᠣᠯᠭ᠎ᠠ ᠪᠠᠭᠠᠲᠠᠢ ᠡᠮᠡᠭᠲᠡᠶᠢᠴᠦᠳ ᠤᠨ ᠬᠤᠶᠠᠷ ᠥᠮᠡᠨ ᠤ ᠠᠪᠤᠷᠠᠨ ᠲᠤᠰᠠᠯᠠᠯᠲᠠ︾ ᠶᠢᠨ ᠪᠡᠯᠡ ᠮᠥᠩᠭᠦ ᠶᠢ ᠲᠠᠷᠬᠠᠭᠠᠬᠤ ᠶᠣᠰᠣᠯᠠᠯ ᠶᠠᠪᠤᠭᠳᠠᠵᠤ᠂ ᠪᠥᠬᠦ ᠬᠤᠰᠢᠭᠤᠨ ᠤ 7 ᠰᠤᠮᠤ ᠰᠢᠶᠠᠩ ᠪᠠᠯᠭᠠᠰᠤᠨ ᠤ 30 ᠨᠡᠷ᠎ᠡ ︽ᠬᠤᠶᠠᠷ ᠥᠮᠡᠨ ︾ ᠳᠤ ᠨᠡᠷᠪᠡᠭᠳᠡᠭᠰᠡᠨ ᠣᠷᠣᠯᠭ᠎ᠠ ᠪᠠᠭᠠᠲᠠᠢ ᠡᠮᠡᠭᠲᠡᠶᠢᠴᠦᠳ ᠲᠤ ᠬᠥᠮᠥᠨ ᠪᠦᠷᠢ ᠶᠢᠨ 10000 ᠲᠥᠭᠦᠷᠢᠭ ᠤᠨ ᠠᠪᠤᠷᠠᠨ
ᠲᠤᠰᠠᠯᠠᠬᠤ ᠪᠡᠯᠡ ᠮᠥᠩᠭᠦ ᠣᠯᠭᠤᠪᠠ᠃ ᠶᠣᠰᠣᠯᠠᠯ ᠳᠡᠭᠡᠷ᠎ᠡ᠂ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠨ ᠤ  
ᠬᠠᠷᠢᠭᠤᠴᠠᠯᠭᠠᠲᠠᠨ ᠠᠴᠠ ᠠᠪᠤᠷᠠᠨ ᠲᠤᠰᠠᠯᠠᠬᠤ  ᠨᠢᠭᠤᠷᠯᠠᠯ ᠪᠠ ᠭᠡᠷ ᠪᠦᠯᠢ ᠶᠢᠨ ᠬᠢᠨ ᠳᠤ ᠡᠮᠡᠭᠲᠡᠶᠢᠴᠦᠳ ᠤᠨ ︽ᠬᠤᠶᠠᠷ ᠥᠮᠡᠨ︾ ᠤ  ᠦᠨ᠎ᠡ ᠲᠦᠯᠦᠪᠦᠷᠢ ᠦᠬᠡᠢ ᠪᠠᠶᠢᠴᠠᠭᠠᠯᠳᠠ  ᠂ ︽ᠬᠤᠶᠠᠷ ᠥᠮᠡᠨ︾  ᠤ ᠠᠪᠤᠷᠠᠨ ᠲᠤᠰᠠᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠡᠷᠭᠡ ᠶᠢ ᠲᠠᠶᠢᠯᠪᠤᠷᠢᠯᠠᠨ ᠥᠭᠴᠦ᠂ ᠡᠪᠡᠳᠴᠢᠨ ᠲᠠᠢ ᠡᠮᠡᠭᠲᠡᠶᠢᠴᠦᠳ ᠪᠠ ᠲᠡᠳᠡᠨ ᠤ ᠭᠡᠷ ᠪᠦᠯᠢ ᠶᠢᠨ ᠬᠢᠨ ᠢ ᠪᠠᠶᠠᠰᠤᠩᠭᠤᠢ ᠰᠡᠳᠬᠢᠯᠭᠡ ᠲᠠᠢ ᠪᠠᠶᠢᠵᠤ᠂ ᠡᠷᠡᠭᠡᠯᠵᠡᠯ ᠢᠶᠠᠨ ᠲᠠᠶᠠᠭᠳᠠᠨ᠂ ᠡᠮᠴᠢᠯᠡᠭᠡ ᠳᠤ ᠢᠳᠡᠪᠬᠢᠳᠡᠢ
ᠬᠠᠮᠵᠢᠯᠴᠠᠵᠤ᠂ ᠡᠪᠡᠳᠴᠢᠨ ᠵᠤᠪᠠᠯᠠᠩ ᠢ ᠡᠷᠲᠡᠬᠡᠨ ᠢᠯᠠᠨ ᠲᠠᠪᠠᠳᠤᠭᠠᠢ ᠬᠡᠵᠦ ᠵᠤᠷᠢᠬᠵᠢᠭᠤᠯᠤᠭᠰᠠᠨ ᠪᠠᠶᠢᠨ᠎ᠠ᠃ ︽ᠬᠤᠶᠠᠷ
ᠥᠮᠡᠨ︾  ᠤ ᠠᠪᠤᠷᠠᠨ ᠲᠤᠰᠠᠯᠠᠬᠤ  ᠲᠦᠷᠦᠯ ᠵᠦᠢᠯ ᠪᠠ ︽ᠬᠤᠶᠠᠷ ᠥᠮᠡᠨ︾ ᠤ  ᠦᠨ᠎ᠡ ᠲᠦᠯᠦᠪᠦᠷᠢ ᠦᠬᠡᠢ ᠪᠠᠶᠢᠴᠠᠭᠠᠯᠳᠠ ᠪᠣᠯ ᠨᠠᠮ ᠵᠠᠰᠠᠭ  ᠠᠴᠠ ᠦᠷᠭᠡᠨ ᠤᠯᠠᠨ ᠡᠮᠡᠭᠳᠡᠶᠢᠴᠤᠳ ᠢ  ᠬᠠᠶᠢᠷᠠᠯᠠᠨ ᠬᠠᠯᠠᠮᠵᠢᠯᠠᠬᠤ ᠨᠢᠭᠡ ᠲᠦᠷᠦᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ᠂ ᠡᠮᠡᠭᠲᠡᠶᠢᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠶᠢᠨ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠯᠠᠮᠵᠢᠯᠠᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠮᠥᠨ᠃ 2023 ᠣᠨ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠨᠢ ᠪᠥᠬᠦ ᠬᠤᠰᠢᠭᠤᠨ ᠤ ᠬᠡᠪᠴᠢᠶᠡᠨ ᠳᠤ  ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠡᠯ᠎ᠡ ᠲᠠᠯ᠎ᠠ ᠶᠢᠨ ᠪᠡᠯᠡ ᠮᠥᠩᠭᠦ ᠶᠢ ᠡᠷᠡᠮᠡᠯᠵᠡᠯᠡᠨ ᠤᠯᠵᠤ  ᠂  71  ᠨᠡᠷ᠎ᠡ ᠨᠥᠬᠦᠴᠡᠯ ᠳᠤ  ᠨᠡᠶᠢᠴᠡᠭᠰᠡᠨ ᠡᠮᠡᠭᠲᠡᠶᠢᠴᠦᠳ ᠲᠤ ᠨᠢᠭᠡ ᠯᠡ ᠤᠳᠠᠭ᠎ᠠ ᠶᠢᠨ ᠴᠢᠨᠠᠷᠲᠠᠢ ᠠᠪᠤᠷᠠᠨ ᠲᠤᠰᠠᠯᠠᠬᠤ ᠮᠥᠩᠭᠦ ᠨᠡᠶᠢᠲᠡ 71 ᠲᠦᠮᠡᠨ ᠲᠥᠭᠦᠷᠢᠭ ᠢ  ᠤᠯᠭᠤᠵᠠᠢ᠃  ᠲᠠᠷᠠᠭᠠᠴᠢ ᠪᠠᠷ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ   ᠨᠢ ︽ᠲᠥᠷᠬᠦᠮ ᠤᠨ ᠬᠥᠮᠥᠨ︾ ᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂  ᠡᠮᠡᠭᠳᠡᠶᠢᠴᠤᠳ ᠤᠨ ︽ᠰᠠᠨᠠᠭᠠᠰᠢᠷᠠᠵᠤ ᠵᠤᠪᠠᠵᠤ ᠬᠦᠰᠡᠵᠦ ᠬᠠᠷᠠᠵᠤ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠦᠨ᠂ ᠡᠮᠡᠭᠲᠡᠶᠢᠴᠦᠳ ᠤᠨ ︽ᠬᠤᠶᠠᠷ ᠥᠮᠡᠨ︾  ᠤ ᠰᠢᠭᠰᠢᠨ ᠪᠠᠶᠢᠴᠠᠭᠠᠬᠤ ᠪᠠ ᠠᠪᠤᠷᠠᠨ ᠲᠤᠰᠠᠯᠠᠬᠤ ᠠᠵᠢᠯ ᠢ ᠦᠷᠭᠦᠯᠵᠢᠯᠡᠨ ᠠᠬᠢᠭᠤᠯᠵᠤ᠂  ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠪᠠ ︽ᠬᠤᠶᠠᠷ ᠥᠮᠡᠨ︾ ᠤ ᠳᠠᠭᠠᠳᠬᠠᠯ ᠢ ᠳᠡᠯᠭᠡᠷᠡᠭᠦᠯᠬᠦ ᠠᠵᠢᠯ ᠢ ᠶᠡᠬᠡᠪᠡᠷ ᠦᠷᠨᠢᠬᠦᠯᠦᠨ᠂  ᠨᠦᠬᠦᠴᠡᠯ  ᠳᠤ ᠨᠡᠶᠢᠴᠡᠭᠰᠡᠨ ᠡᠮᠡᠭᠲᠡᠶᠢᠴᠦᠳ ᠢ ᠴᠠᠭ ᠲᠤᠬᠠᠢ ᠳᠤᠨᠢ ᠨᠠᠷᠢᠯᠢᠭ ᠣᠨᠣᠴᠠᠲᠠᠢ ᠪᠠᠷ ᠬᠠᠯᠠᠮᠵᠢᠯᠠᠨ ᠲᠡᠳᠬᠦᠵᠦ᠂ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠡᠮᠡᠭᠲᠡᠶᠢᠴᠦᠳ ᠤᠨ ᠤᠯᠤᠯᠳᠠ ᠬᠦᠷᠲᠡᠮᠵᠢ ᠶᠢᠨ ᠲᠥᠷᠥᠭᠳᠡᠯ  ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ  ᠤᠯᠠᠮ ᠨᠡᠮᠡᠭᠳᠡᠬᠦᠯᠬᠦ   ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号