ᠣᠶᠢᠷ᠎ᠠ ᠳᠤ᠂ ᠬᠦᠨᠪᠤᠯᠠᠭ ᠰᠤᠮᠤ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ | ᠡᠬᠡᠯᠵᠢᠳᠦ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠭᠦᠸᠧ | ᠰᠢᠶᠣᠣ ᠮᠧᠩ ᠬᠤᠷᠠᠯ ᠢ ᠡᠷᠬᠢᠯᠡᠨ᠂ ᠰᠤᠮᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠭᠠᠴᠠᠭᠠᠨ ᠤ | ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠳᠠᠷᠤᠭ᠎ᠠ᠂ ᠨᠠᠮ ᠤᠨ ᠡᠭᠦᠷ ᠤᠨ ᠱᠦᠵᠢ᠂ ᠳᠡᠳ᠋ ᠲᠤᠰᠢᠶᠠᠯᠲᠠᠨ | ᠨᠠᠷ ᠬᠤᠷᠠᠯ ᠳᠤ ᠣᠷᠣᠯᠴᠠᠵᠠᠢ᠃ ᠬᠤᠷᠠᠯ ᠲᠡᠭᠡᠷ᠎ᠡ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ | ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ᠂ ᠰᠢᠯᠲᠠᠭᠠᠨ ᠢ ᠵᠠᠳᠠᠯᠵᠤ᠂ ᠲᠤᠳᠠᠭᠳᠠᠯ ᠢ | ᠳ᠋ᠦᠩᠨᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃ | ᠬᠤᠷᠠᠯ ᠠᠴᠠ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠭᠠᠴᠠᠭᠠᠨ ᠳᠤ ᠰᠠᠭᠤᠭ᠎ᠠ | ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠳᠠᠷᠤᠭ᠎ᠠ᠂ ᠭᠠᠴᠠᠭᠠᠨ ᠤ ︽ᠬᠤᠶᠠᠷ ᠵᠥᠪᠯᠡᠯ︾ ᠤᠨ ᠬᠢᠨ | ᠪᠠᠶᠢᠳᠠᠯ ᠢ ᠲᠣᠳᠣᠷᠬᠠᠢ ᠲᠠᠨᠢᠵᠤ᠂ ᠠᠵᠢᠯ ᠡᠭᠦᠷᠭᠡ ᠶᠢ ᠪᠤᠳᠠᠳᠠᠶᠢᠵᠢᠭᠤᠯᠤᠨ᠂ ᠬᠤᠶᠢᠷᠭᠤᠰᠢᠵᠤ ᠮᠢᠨᠴᠦᠭᠦᠷᠡᠬᠦ | ᠦᠵᠡᠯ ᠰᠠᠨᠠᠭ᠎ᠠ᠂ ᠠᠯᠮᠠᠶᠢᠷᠠᠵᠤ ᠰᠤᠯᠠᠷᠠᠬᠤ ᠪᠤᠳᠤᠯ ᠰᠡᠳᠬᠢᠯᠭᠡ ᠶᠢ ᠡᠷᠡᠰ ᠲᠡᠪᠴᠢᠵᠦ᠂ ᠤᠶᠤᠨ ᠤᠬᠬᠠᠭᠠᠨ ᠪᠠ | ᠬᠦᠴᠦᠨ ᠴᠢᠳᠠᠯ ᠢᠶᠠᠨ ᠲᠥᠪᠯᠡᠷᠡᠭᠦᠯᠦᠨ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠪᠠᠨ ᠬᠦᠴᠦᠷᠬᠡᠭᠵᠢᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠡᠨᠡᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ | ᠬᠤᠶᠠᠷ ᠲᠤ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠭᠦᠢᠴᠡᠳᠬᠡᠯ | ᠲᠤᠭ᠎ᠠ ᠪᠣᠯᠣᠨ ᠪᠠᠭᠤᠷᠠᠢ ᠭᠤᠭᠴᠤᠭ᠎ᠠ ᠶᠢ ᠰᠠᠶᠢᠳᠤᠷ ᠠᠩᠬᠠᠷᠴᠤ᠂ ᠶᠠᠳᠠᠭᠤ ᠠᠴᠠ ᠠᠩᠭᠢᠵᠢᠷᠠᠭᠰᠠᠨ ᠤᠯᠠᠨ | ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠷᠭ᠎ᠠ ᠪᠦᠬᠦᠨ ᠢ | ᠰᠦᠪᠡᠭᠴᠢᠯᠡᠵᠦ ᠪᠠᠶᠢᠭᠠᠳ ᠴᠠᠯᠢᠩ ᠤᠨ ᠴᠢᠨᠠᠷᠲᠠᠢ᠂ ᠡᠵᠡᠩᠨᠡᠯᠲᠡ ᠶᠢᠨ ᠴᠢᠨᠠᠷᠲᠠᠢ᠂ ᠰᠢᠯᠵᠢᠯᠲᠡ ᠶᠢᠨ ᠴᠢᠨᠠᠷᠲᠠᠢ ᠪᠠ | ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠬᠦᠯᠬᠦ ᠭᠡᠷᠡᠭᠳᠡᠢ᠃ ᠭᠤᠷᠪᠠ ᠳᠤ ᠠᠵᠢᠯ ᠤᠨ ᠰᠠᠬᠢᠯᠭ᠎ᠠ | ᠪᠠᠲᠤ ᠶᠢ ᠴᠢᠩᠳᠠᠯᠠᠬᠤ ᠬᠡᠷᠡᠭᠲᠡᠢ᠃ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠨᠢ ᠠᠵᠢᠯ ᠤᠨ ᠰᠤᠷᠲᠠᠯ ᠢᠶᠠᠨ | ᠤᠯᠠᠮ ᠰᠠᠶᠢᠵᠢᠷᠠᠭᠤᠯᠤᠨ᠂ ᠠᠵᠢᠯ ᠢᠶᠠᠨ ᠴᠠᠭ ᠲᠤᠬᠠᠢ ᠳᠤᠨᠢ ᠥᠷᠨᠢᠭᠦᠯᠵᠦ᠂ ᠡᠯ᠎ᠡ ᠲᠦᠷᠦᠯ ᠤᠨ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠰᠤᠷᠤᠯᠴᠠᠨ ᠪᠦᠲᠦᠮᠵᠢᠲᠡᠶ ᠵᠣᠯᠭᠠᠭᠤᠯᠵᠤ᠂ ᠠᠵᠢᠯ ᠤᠨ | ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ ᠢ ᠦᠨᠡᠨᠬᠦ ᠴᠢᠩᠭᠠᠳᠬᠠᠨ᠂ ᠠᠵᠢᠯ ᠤᠨ ᠦᠷ᠎ᠡ ᠪᠦᠲᠦᠮᠵᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃ |