ᠪᠤᠤᠴᠠᠩ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2023/12/26
 12 ᠰᠠᠷ᠎ᠠ ᠶᠢᠨ 22  ᠤᠨ ᠡᠳᠦᠷ᠂ ᠪᠤᠤᠴᠠᠩ ᠪᠠᠯᠭᠠᠰᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ  2023 ᠣᠨ ᠤ  ᠬᠤᠷᠢᠨ ᠵᠢᠷᠭᠤᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠵᠢᠴᠢ ︽ᠨᠠᠢᠮᠠ ᠨᠠᠢᠮᠠ ᠶᠢᠨ ᠪᠠᠶᠢᠯᠳᠤᠬᠤ ᠪᠣᠳᠣᠯᠭ᠎ᠠ︾ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ ᠬᠤᠷᠠᠯ   ᠢ ᠡᠷᠭᠢᠯᠡᠵᠦ᠂ ᠪᠠᠯᠭᠠᠰᠤᠨ ᠤ  ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ   ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃ ᠬᠤᠷᠠᠯ ᠲᠡᠭᠡᠷ᠎ᠡ᠂ ︽2023 ᠣᠨ ᠤ ᠪᠥᠬᠦ ᠬᠤᠰᠢᠭᠤᠨ ᠤ ᠪᠥᠬᠦ ᠲᠠᠯ᠎ᠠ ᠪᠠᠷ ᠨᠠᠮ ᠢ ᠴᠢᠩᠭ᠎ᠠ  ᠵᠠᠰᠠᠬᠤ ᠠᠵᠢᠯ ᠤᠨ ᠮᠡᠳᠡᠭᠦᠯᠦᠯᠲᠡ︾ ︽ᠨᠠᠢᠮᠠ ᠨᠠᠢᠮᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ 20 ᠵᠢᠯ︾ ᠪᠠ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ  ᠰᠡᠳᠦᠪᠳᠦ ᠡᠮᠬᠢᠳᠭᠡᠯ︾ ᠤᠨ ᠬᠡᠰᠡᠭ ᠠᠭᠤᠯᠭ᠎ᠠ ᠶᠢ  ᠰᠤᠷᠤᠯᠴᠠᠭᠰᠠᠨ ᠪᠠᠶᠢᠨ᠎ᠠ᠃ ᠳᠠᠷᠠᠭ᠎ᠠ ᠳᠤᠨᠢ᠂ ᠬᠤᠷᠠᠯ ᠳᠤ ᠣᠷᠣᠯᠴᠠᠭᠰᠠᠳ ᠠᠴᠠ ︽ᠨᠠᠢᠮᠠ ᠨᠠᠢᠮᠠ ᠶᠢᠨ ᠪᠠᠶᠢᠯᠳᠤᠬᠤ ᠪᠣᠳᠣᠯᠭ᠎ᠠ︾ ᠶᠢᠨ ᠭᠤᠣᠯ ᠰᠡᠳᠦᠪ ᠤᠨ ᠲᠣᠭᠤᠷᠢᠨ ᠳᠤ᠂  ᠪᠤᠤᠴᠠᠩ ᠪᠠᠯᠭᠠᠰᠤᠨ ᠤ ᠬᠥᠭᠵᠢᠯᠲᠡ ᠶᠢᠨ ᠪᠣᠳᠠᠲᠤ ᠪᠠᠶᠢᠳᠠᠯ ᠪᠣᠯᠣᠨ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠷᠠᠯ ᠠᠴᠠ᠂ ︽ᠨᠠᠢᠮᠠ ᠨᠠᠢᠮᠠ ᠶᠢᠨ ᠪᠠᠶᠢᠯᠳᠤᠬᠤ ᠪᠣᠳᠣᠯᠭ᠎ᠠ︾ ᠪᠣᠯ ᠥᠨᠳᠥᠷ ᠲᠤ ᠵᠤᠭᠰᠤᠵᠤ ᠠᠯᠤᠰ ᠢ ᠪᠠᠷᠠᠯᠠᠭᠰᠠᠨ ᠠᠭᠤᠤ ᠶᠡᠭᠡ ᠪᠠᠶᠢᠷᠢᠯᠠᠭᠤᠯᠤᠯᠲᠠ  ᠂ ᠮᠤᠵᠢ ᠤᠷᠤᠨ ᠤ ᠬᠡᠪᠴᠢᠶᠡᠨ ᠤ ᠪᠦᠬᠦ ᠲᠠᠯ᠎ᠠ ᠶᠢᠨ ᠲᠥᠯᠦᠪᠵᠢᠭᠦᠯᠭᠡ ᠪᠠ  ᠦᠵᠦᠬᠦᠷ ᠲᠥᠯᠥᠪᠯᠡᠭᠡ ᠮᠥᠨ᠃  ᠤᠳᠤᠷᠢᠳᠬᠤ  ᠺᠠᠳ᠋ᠷᠴᠤᠳ ᠡᠷᠭᠡᠪᠰᠢ ︽ᠨᠠᠢᠮᠠ ᠨᠠᠢᠮᠠ ᠶᠢᠨ ᠪᠠᠶᠢᠯᠳᠤᠬᠤ ᠪᠣᠳᠣᠯᠭ᠎ᠠ︾ ᠶᠢᠨ ᠵᠣᠷᠢᠭ ᠰᠠᠨᠠᠭ᠎ᠠ ᠶᠢ ᠢᠳᠡᠪᠬᠢᠲᠡᠢ ᠪᠠᠳᠠᠷᠠᠭᠤᠯᠵᠤ᠂  ᠪᠤᠤᠴᠠᠩ ᠪᠠᠯᠭᠠᠰᠤᠨ ᠤ   ᠪᠠᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ  ᠢᠯᠡᠷᠡᠬᠦᠯᠦᠨ᠂ ᠰᠤᠷᠤᠯᠴᠠᠯᠭ᠎ᠠ ᠰᠤᠯᠢᠯᠴᠠᠭᠠᠨ ᠤ ᠦᠷ᠎ᠡ ᠪᠦᠲᠦᠭᠡᠯ ᠢ  ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠰᠡᠳᠬᠢᠴᠡ ᠪᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠯᠠᠪᠳᠠᠭᠤᠨ ᠪᠠᠲᠤᠲᠠᠢ ᠠᠵᠢᠯᠯᠠᠵᠤ᠂  ᠦᠨᠡᠨ ᠪᠣᠳᠠᠲᠠᠢ ᠦᠷ᠎ᠡ ᠪᠦᠲᠦᠮᠵᠢ ᠪᠠᠷ ᠢᠶᠠᠨ ︽ᠨᠠᠢᠮᠠ ᠨᠠᠢᠮᠠ ᠶᠢᠨ ᠪᠠᠶᠢᠯᠳᠤᠬᠤ ᠪᠣᠳᠣᠯᠭ᠎ᠠ︾ ᠶᠢᠨ ᠵᠢᠭᠠᠭᠰᠠᠨ ᠵᠠᠮ ᠢᠶᠠᠷ ᠯᠠᠪᠳᠠᠭᠤᠨ ᠪᠠᠲᠤᠲᠠᠢ ᠤᠷᠤᠭᠰᠢᠯᠠᠨ᠂  ᠪᠤᠤᠴᠠᠩ ᠪᠠᠯᠭᠠᠰᠤᠨ ᠤ ᠪᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ  ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号