ᠯᠥᠸᠧ ᠲᠦᠸᠧ ᠱᠠᠨ ᠪᠠᠯᠭᠠᠰᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2023/12/26
12 ᠰᠠᠷ᠎ᠠ ᠶᠢᠨ 22 ᠤᠨ ᠡᠳᠦᠷ᠂ ᠯᠥᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠠᠷᠪᠠᠨ ᠳᠣᠯᠣᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠠᠪᠤᠭᠳᠠᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠤᠳᠤᠷᠢᠳᠬᠤ ᠪᠠᠭ ᠤᠨ ᠭᠡᠰᠢᠬᠦᠳ ᠠᠴᠠ ᠲᠤᠰ ᠲᠤᠰ ︽ᠲᠥᠪ ᠤᠨ ᠨᠠᠮ ᠤᠨ ᠳᠣᠲᠣᠭᠠᠳᠤ   ᠶᠢᠨ ᠬᠠᠤᠯᠢ  ᠲᠦᠷᠢᠮ ᠤᠨ ᠠᠵᠢᠯ ᠤᠨ ᠲᠥᠯᠦᠪᠵᠢᠭᠦᠯᠭᠡ   ᠶᠢᠨ ᠲᠤᠪᠴᠢᠯᠠᠯ ︵2023 ᠣᠨ ᡺ 2027 ᠣᠨ︶︾ ︽ᠪᠣᠳᠠᠲᠤ ᠳᠠᠶᠢᠨᠴᠢᠯᠠᠭᠰᠠᠨ ᠴᠡᠷᠢᠭ ᠤᠨ ᠰᠤᠷᠭᠠᠭᠤᠯᠢᠯᠠᠯ   ᠢ ᠡᠷᠡᠰ ᠭᠤᠶᠢᠪᠢᠰᠢ ᠦᠭᠡᠢ ᠪᠠᠷ ᠠᠬᠢᠭᠤᠯᠬᠤ︾ ︽ᠤᠯᠤᠰ ᠲᠥᠷᠥ   ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ   ᠶᠢᠨ ᠣᠶᠢᠯᠠᠭᠠᠬᠤ ᠴᠢᠳᠠᠪᠤᠷᠢ ᠂ ᠤᠯᠤᠰ ᠲᠥᠷᠥ   ᠶᠢᠨ ᠬᠡᠷᠡᠭᠵᠢᠭᠦᠯᠬᠦ ᠬᠦᠴᠦᠨ   ᠢ ᠲᠠᠰᠤᠷᠠᠯᠲᠠ ᠦᠭᠡᠢ ᠳᠡᠭᠡᠭᠰᠢᠯᠡᠭᠦᠯᠬᠦ  ︾ ︽ᠰᠢᠨ᠎ᠡ ᠬᠥᠭᠵᠢᠯᠲᠡ   ᠶᠢᠨ ᠱᠠᠲᠤᠨ ᠤ ᠥᠭᠡᠷᠡᠴᠢᠯᠡᠯᠲᠡ   ᠶᠢ ᠨᠡᠩ ᠶᠡᠭᠡ ᠰᠢᠪᠲᠤᠯᠤᠯᠲᠠ ᠲᠠᠢ ᠪᠣᠯᠭᠠᠵᠤ᠂ ᠨᠡᠩ ᠶᠡᠭᠡ ᠠᠮᠵᠢᠯᠲᠠ ᠳᠤ ᠬᠦᠷᠬᠡᠬᠦ︾ ︽ᠰᠢᠨ᠎ᠡ ᠬᠥᠭᠵᠢᠯᠲᠡ   ᠶᠢᠨ ᠱᠠᠲᠤ   ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠡᠬᠦᠳᠬᠦ︾᠂ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ  ᠳᠡᠭᠡᠨ ᠭᠤᠣᠯᠳᠠᠯᠭ᠎ᠠ ᠶᠢ ᠲᠤᠪᠤᠶᠢᠯᠭᠠᠬᠤ︾᠂ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ︾ ᠵᠡᠷᠭᠡ ᠶᠢᠨ ᠬᠠᠮᠢᠶ᠎ᠠ ᠪᠦᠬᠦᠢ ᠠᠭᠤᠯᠭ᠎ᠠ ᠶᠢ  ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠤᠯᠭᠠᠨ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃  ᠤᠳᠤᠷᠢᠳᠬᠤ ᠪᠠᠭ ᠤᠨ ᠭᠡᠰᠢᠬᠦᠳ ᠡᠷᠭᠡᠪᠰᠢ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠭᠦᠨ ᠳᠠᠪᠬᠤᠷᠭ᠎ᠠ ᠠᠴᠠ ᠰᠤᠷᠤᠯᠴᠠᠨ ᠣᠶᠢᠯᠠᠭᠠᠵᠤ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠪᠦᠬᠦ ᠪᠠᠯᠭᠠᠰᠤᠨ ᠤ ᠡᠯ᠎ᠡ ᠲᠦᠷᠦᠯ ᠤᠨ  ᠠᠵᠢᠯ ᠦᠢᠯᠡᠰ ᠤᠨ ᠲᠣᠭᠲᠠᠭᠤᠨ ᠢᠶᠠᠷ ᠬᠥᠭᠵᠢᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠰᠠᠭᠤᠷᠢ ᠪᠣᠯᠣᠨ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号