12 ᠰᠠᠷ᠎ᠠ ᠶᠢᠨ 25 ᠤ ᠡᠳᠦᠷ᠂ ᠰᠢᠩ ᠹᠦ᠋ ᠰᠢᠶᠠᠩ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠰᠬᠠᠢ | ᠰᠡᠳᠦᠪᠲᠦ ᠬᠤᠷᠠᠯ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ ᠪᠠ ᠺᠠᠳ᠋ᠷ ᠠᠵᠢᠯᠲᠠᠨ᠂ | ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ᠶᠡᠷᠦᠩᠬᠡᠢ | ᠱᠦᠵᠢ ᠰᠢ ᠶᠢᠨ ᠫᠢᠩ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠭᠰᠠᠨ ᠪᠥᠭᠡᠳ ᠲᠤᠰ ᠰᠢᠶᠠᠩ ᠤᠨ ᠢᠶᠠᠨ ᠦᠨᠳᠦᠰᠦᠲᠡᠨ ᠱᠠᠰᠢᠨ ᠰᠤᠷᠲᠠᠬᠤᠨ ᠤ ᠬᠠᠮᠢᠶ᠎ᠠ ᠪᠦᠬᠦᠢ | ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ | ᠲᠡᠭᠡᠭᠰᠢᠯᠡᠬᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ | ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠥᠪ ᠣᠨᠣᠪᠴᠢᠲᠠᠢ | ᠦᠨᠳᠦᠰᠦᠲᠡᠨ ᠤ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠤᠯᠭᠠᠨ᠂ ᠦᠨᠳᠦᠰᠦᠲᠡᠨ ᠱᠠᠰᠢᠨ | ᠰᠤᠷᠲᠠᠬᠤᠨ ᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠨᠳᠦᠰᠦᠲᠡᠨ ᠱᠠᠰᠢᠨ ᠰᠤᠷᠲᠠᠬᠤᠨ ᠤ | ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠬᠤᠶᠠᠷ ᠲᠤ | ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠤᠳᠤᠷᠢᠳᠬᠤ ᠺᠠᠳ᠋ᠷᠴᠤᠳ ᠤᠨ ᠡᠬᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ᠂ ᠦᠨᠳᠦᠰᠦᠲᠡᠨ | ᠱᠠᠰᠢᠨ ᠰᠤᠷᠲᠠᠬᠤᠨ ᠤ ᠠᠵᠢᠯ ᠢ ᠠᠳᠬᠤᠬᠤ ᠬᠥᠮᠥᠨ ᠲᠠᠢ᠂ ᠬᠠᠮᠢᠶᠠᠷᠬᠤ ᠬᠥᠮᠥᠨ ᠲᠠᠢ᠂ ᠬᠠᠷᠢᠭᠤᠴᠠᠬᠤ | ᠬᠥᠮᠥᠨ ᠲᠠᠢ ᠪᠠᠶᠢᠬᠤ ᠶᠢ ᠦᠨᠡᠨ ᠬᠦ ᠪᠠᠳᠤᠯᠠᠬᠤ ᠭᠡᠷᠡᠭᠳᠡᠢ᠃ ᠭᠤᠷᠪᠠ ᠳᠤ ᠠᠵᠢᠯ ᠤᠨ ᠪᠠᠷᠢᠮᠵᠢᠶ᠎ᠠ ᠶᠢ | ᠲᠡᠭᠡᠭᠰᠢᠯᠡᠬᠦᠯᠦᠨ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠦᠨᠳᠦᠰᠦᠲᠡᠨ ᠱᠠᠰᠢᠨ | ᠰᠤᠷᠲᠠᠬᠤᠨ ᠤ ᠠᠵᠢᠯ ᠢ ᠰᠠᠶᠢᠨ ᠬᠢᠵᠦ᠂ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠣᠳᠣᠯᠭ᠎ᠠ ᠬᠠᠤᠯᠢ | ᠲᠦᠷᠢᠮ ᠤᠨ ᠰᠤᠷᠤᠯᠴᠠᠯᠭ᠎ᠠ ᠶᠢ ᠴᠢᠩᠭᠠᠳᠬᠠᠨ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ | ᠶᠣᠰᠣᠭᠠᠷ ᠬᠠᠮᠢᠶᠠᠷᠬᠤ ᠬᠢᠷᠢ ᠴᠢᠳᠠᠪᠤᠷᠢ ᠪᠠᠨ ᠳᠡᠭᠡᠭᠰᠢᠯᠡᠭᠦᠯᠵᠦ᠂ ᠰᠢᠩ ᠹᠦ᠋ ᠰᠢᠶᠠᠩ ᠤᠨ ᠴᠢᠨᠠᠷ ᠰᠠᠶᠢᠲᠠᠢ | ᠬᠥᠭᠵᠢᠯᠲᠡ ᠳᠤ ᠢᠳᠡᠪᠬᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ |