12 ᠰᠠᠷ᠎ᠠ ᠶᠢᠨ 26 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠸ ᠯᠢᠨ ᠪᠤᠤᠴᠠᠩ ᠪᠠᠯᠭᠠᠰᠤᠨ ᠤ ᠱᠧᠩ ᠯᠢ ᠲᠣᠰᠬᠤᠨ ᠳᠤ | ᠬᠦᠷᠴᠦ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ | ᠳᠠᠭᠠᠬᠤ︾ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ ᠪᠠᠶᠢᠨ᠎ᠠ᠃ ᠲᠣᠰᠬᠤᠨ ᠳᠤ ᠰᠠᠭᠤᠭ᠎ᠠ ᠨᠢᠭᠡᠳᠦᠭᠡᠷ | ᠱᠦᠵᠢ᠂ ᠬᠡᠰᠡᠭ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ᠂ ᠠᠷᠠᠳ ᠤᠨ ᠲᠥᠯᠥᠭᠡᠯᠡᠭᠴᠢ᠂ ᠨᠠᠮ ᠤᠨ | ᠭᠡᠰᠢᠭᠦᠨ ᠪᠠ ᠤᠯᠠᠨ ᠲᠦᠮᠡᠨ ᠬᠤᠷᠠᠯ ᠳᠤ ᠣᠷᠣᠯᠴᠠᠪᠠ᠃ ᠯᠢ ᠱᠣᠸ ᠯᠢᠨ ᠠᠴᠠ ᠥᠪᠥᠷ ᠮᠣᠩᠭᠤᠯ ᠤᠨ ᠪᠣᠳᠠᠲᠤ | ᠪᠠᠶᠢᠳᠠᠯ ᠲᠠᠢ ᠨᠢᠭᠲᠠ ᠤᠶᠠᠯᠳᠤᠭᠤᠯᠤᠨ᠂ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ | ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ︽ᠳᠥᠷᠪᠡ ᠶᠢ | ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠱᠠᠭᠠᠷᠳᠠᠯᠭ᠎ᠠ ᠶᠢᠨ ᠲᠤᠭᠤᠷᠢᠨ ᠳᠤ ᠭᠦᠨᠵᠡᠭᠡᠢ ᠪᠥᠭᠡᠳ | ᠣᠶᠢᠯᠠᠭᠠᠮᠵᠢᠲᠠᠢ᠂ ᠪᠥᠬᠦ ᠲᠠᠯ᠎ᠠ ᠶᠢᠨ ᠪᠦᠬᠡᠳ ᠰᠢᠰᠲ᠋ᠧᠮ ᠲᠠᠢ ᠤᠬᠠᠭᠤᠯᠭ᠎ᠠ ᠲᠠᠶᠢᠯᠤᠮᠵᠢ ᠬᠢᠭᠰᠡᠨ ᠪᠦᠭᠡᠳ ︽ | ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠨ᠂ ᠨᠠᠮ ᠤᠨ ᠲᠥᠪ ᠬᠤᠷᠢᠶ᠎ᠠ | ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠣᠯᠣᠨ ᠬᠦᠰᠡᠯ | ᠨᠠᠶᠢᠳᠠᠯᠭ᠎ᠠ ᠶᠢ ᠭᠦᠨᠵᠡᠭᠡᠢ ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠡᠭᠡᠷ᠎ᠡ ᠦᠢᠯᠡᠳᠦᠯ ᠢᠶᠠᠨ ᠪᠠᠳᠠᠷᠠᠭᠤᠯᠤᠨ᠂ | ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠲᠤᠬᠠᠶᠢᠯᠠᠭᠰᠠᠨ ᠠᠵᠢᠯ ᠢᠶᠠᠨ ᠰᠠᠶᠢᠨ ᠬᠢᠬᠦ᠂ ᠠᠵᠢᠯ ᠦᠢᠯᠡᠰ ᠤᠨ | ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠬᠡᠵᠦ ᠤᠷᠢᠶᠠᠯᠠᠪᠠ᠃ | ᠲᠡᠷᠡ ᠪᠠᠰᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠠᠨ ᠲᠦᠮᠡᠨ ᠲᠠᠢ ᠨᠢᠭᠲᠠ ᠬᠠᠷᠢᠯᠴᠠᠬᠤ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ︽ᠠᠷᠠᠳ ᠤᠨ ᠲᠥᠯᠥᠭᠡᠯᠡᠭᠴᠢᠳ ᠤᠨ ᠭᠡᠷ | ︾ ᠤᠨ ᠴᠢᠳᠠᠪᠬᠢ ᠶᠢ ᠠᠰᠢᠭᠯᠠᠨ᠂ ᠠᠷᠠᠳ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ︽ᠭᠤᠣᠯ ᠰᠠᠭᠤᠷᠢᠨ ᠭᠠᠵᠠᠷ︾ ᠢ ᠪᠠᠬᠢᠵᠢᠭᠦᠯᠵᠦ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ | ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠤᠨ ᠳᠠᠷᠠᠭ᠎ᠠ᠂ ᠯᠢ | ᠱᠤᠤ ᠯᠢᠨ ᠬᠦᠳᠡᠭᠡ ᠲᠣᠰᠬᠤᠨ ᠤ ᠬᠥᠭᠵᠢᠯᠲᠡ ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠵᠡᠷᠭᠡ | ᠲᠠᠯ᠎ᠠ ᠪᠠᠷ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠰᠣᠯᠢᠯᠴᠠᠪᠠ᠃ |