ᠬᠤᠰᠢᠭᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠦᠪᠯᠡᠬᠦ ᠬᠤᠷᠠᠯ ᠵᠢᠴᠢ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/27
 12 ᠰᠠᠷ᠎ᠠ ᠶᠢᠨ 26 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ 2023 ᠣᠨ ᠤ ᠬᠤᠰᠢᠭᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠦᠪᠯᠡᠬᠦ ᠬᠤᠷᠠᠯ ᠵᠢᠴᠢ ᠰᠤᠮᠤ ᠰᠢᠶᠠᠩ ᠪᠠᠯᠭᠠᠰᠤᠨ ᠤ ᠨᠠᠮ ᠤᠨ
ᠬᠤᠷᠢᠶᠠᠨ ᠤ ᠱᠦᠵᠢ ᠶᠢᠨ ᠠᠵᠢᠯ ᠤᠨ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ   ᠠᠴᠠ᠂ ᠪᠥᠬᠦ
ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠬᠢᠨ ᠪᠠᠲᠤ ᠴᠢᠩᠭ᠎ᠠ ᠤᠯᠤᠰ ᠲᠥᠷᠥ ᠶᠢᠨ ᠵᠣᠭᠰᠣᠯᠲᠠ᠂ ᠢᠯᠡ ᠲᠣᠳᠣ ᠤᠯᠤᠰ ᠲᠥᠷᠥ ᠶᠢᠨ ᠣᠪᠣᠷ ᠢ ᠢᠮᠠᠭᠲᠠ ᠪᠠᠷᠢᠮᠳᠠᠯᠠᠨ᠂ ᠨᠠᠮ ᠤᠨ ᠵᠡᠪᠰᠡᠭᠲᠦ ᠬᠦᠴᠦᠨ ᠤ ᠬᠠᠮᠢᠶᠠᠷᠤᠯᠳᠠ ᠶᠢᠨ ᠠᠵᠢᠯ ᠪᠣᠯᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠤᠬᠠᠮᠰᠠᠷ   ᠠᠴᠠ ᠪᠠᠨ ᠴᠢᠬᠤᠯᠠ ᠪᠠᠶᠢᠷᠢᠨ ᠳᠤ ᠲᠠᠯᠪᠢᠵᠤ ᠴᠢᠩᠭ᠎ᠠ ᠮᠦᠷᠳᠡᠭᠡᠨ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠦᠵᠡᠯ ᠰᠠᠨᠠᠭᠠᠨ ᠤ ᠵᠢᠯᠣᠭᠤᠳᠤᠯᠭ᠎ᠠ ᠶᠢ ᠰᠠᠶᠢᠲᠤᠷ ᠠᠳᠬᠤᠵᠤ᠂ ᠤᠯᠤᠰ ᠲᠦᠷᠦ ᠪᠠᠷ ᠴᠡᠷᠢᠭ ᠪᠠᠶᠢᠭᠤᠯᠬᠤ ᠶᠢ ᠴᠢᠩᠭᠠᠳᠬᠠᠨ᠂ ᠴᠡᠷᠢᠭ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ  ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠡᠳᠦᠷ ᠲᠤᠳᠤᠮ ᠤᠨ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠲᠠᠰᠤᠷᠠᠯᠳᠡ ᠦᠭᠡᠢ  ᠴᠢᠩᠭᠠᠳᠬᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠷ ᠢ ᠬᠦᠷᠢᠶᠡᠯᠡᠬᠦ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠨ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠡᠶᠢᠭᠡᠮ ᠪᠠ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠳᠡᠮᠵᠢᠬᠦ᠂ ᠴᠡᠷᠢᠭ ᠠᠷᠠᠳ ᠬᠠᠮᠲᠤᠪᠠᠷ ᠪᠠᠶᠢᠭᠤᠯᠬᠤ ᠶᠢ ᠥᠷᠨᠢᠭᠦᠯᠬᠦ ᠶᠠᠪᠤᠴᠠ ᠳᠤ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠴᠡᠷᠢᠭ  ᠠᠩᠬᠢ ᠶᠢᠨ ᠬᠦᠴᠦᠷᠭᠡᠭᠵᠢᠯ ᠮᠠᠨᠳᠤᠯ  ᠪᠠ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠬᠡᠵᠦ  ᠴᠢᠬᠤᠯᠠᠴᠢᠯᠠᠭᠰᠠᠨ ᠪᠠᠶᠢᠨ᠎ᠠ᠃ ᠬᠤᠷᠠᠯ   ᠠᠴᠠ ᠳᠡᠭᠡᠳᠦ ᠱᠠᠲᠤᠨ ᠤ  ᠬᠠᠮᠢᠶ᠎ᠠ ᠪᠦᠬᠦᠢ  ᠬᠤᠷᠠᠯ ᠴᠤᠭᠯᠠᠭᠠᠨ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠡᠰᠡᠭ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠪᠥᠬᠦ ᠬᠤᠰᠢᠭᠤᠨ ᠤ 2023 ᠣᠨ ᠤ ᠵᠡᠪᠰᠡᠭᠲᠦ ᠬᠦᠴᠦᠨ ᠤ ᠠᠵᠢᠯ ᠤᠨ ᠪᠠᠶᠢᠳᠠᠯ   ᠢ ᠮᠡᠳᠡᠭᠳᠡᠭᠰᠡᠨ ᠪᠥᠭᠡᠳ 2024 ᠣᠨ ᠤ ᠠᠵᠢᠯ   ᠢ ᠲᠣᠬᠢᠷᠠᠭᠤᠯᠤᠨ ᠪᠠᠶᠢᠷᠢᠯᠠᠭᠤᠯᠵᠠᠢ᠃ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂  ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠬᠤᠰᠢᠭᠤᠨ ᠤ  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号