12 ᠰᠠᠷ᠎ᠠ ᠶᠢᠨ 26 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠯᠢ ᠱᠣᠸ ᠯᠢᠨ ᠪᠤᠤᠴᠠᠩ ᠪᠠᠯᠭᠠᠰᠤᠨ ᠤ ᠱᠧᠩ ᠯᠢ ᠲᠣᠰᠬᠤᠨ ᠳᠤ ᠬᠦᠷᠴᠦ᠂ ︽ᠨᠠᠮ ᠤᠨ | ᠠᠴᠢ ᠳᠤ ᠲᠠᠯᠠᠷᠬᠠᠨ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ ᠳᠠᠭᠠᠬᠤ︾ ᠭᠤᠣᠯ ᠰᠡᠳᠦᠪᠲᠦ | ᠤᠬᠠᠭᠤᠯᠭ᠎ᠠ ᠲᠠᠶᠢᠯᠤᠮᠵᠢ ᠬᠢᠭᠰᠡᠨ ᠪᠠᠶᠢᠨ᠎ᠠ᠃ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠬᠡᠰᠡᠭ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ᠂ ᠠᠷᠠᠳ ᠤᠨ | ᠲᠥᠯᠥᠭᠡᠯᠡᠭᠴᠢ᠂ ᠨᠠᠮ ᠤᠨ ᠭᠡᠰᠢᠭᠦᠨ ᠪᠠ ᠤᠯᠠᠨ ᠲᠦᠮᠡᠨ ᠬᠤᠷᠠᠯ ᠳᠤ ᠣᠷᠣᠯᠴᠠᠪᠠ᠃ ᠯᠢ ᠱᠣᠸ ᠯᠢᠨ ᠠᠴᠠ ᠥᠪᠥᠷ | ᠮᠣᠩᠭᠤᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ | ᠶᠣᠰᠣ ᠤᠴᠢᠷ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ | ᠨᠠᠶᠢᠳᠠᠯᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ︽ᠳᠥᠷᠪᠡ ᠶᠢ | ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠱᠠᠭᠠᠷᠳᠠᠯᠭ᠎ᠠ ᠶᠢᠨ ᠲᠤᠭᠤᠷᠢᠨ ᠳᠤ ᠭᠦᠨᠵᠡᠭᠡᠢ ᠪᠥᠭᠡᠳ | ᠣᠶᠢᠯᠠᠭᠠᠮᠵᠢᠲᠠᠢ᠂ ᠪᠥᠬᠦ ᠲᠠᠯ᠎ᠠ ᠶᠢᠨ ᠪᠦᠬᠡᠳ ᠰᠢᠰᠲ᠋ᠧᠮ ᠲᠠᠢ ᠤᠬᠠᠭᠤᠯᠭ᠎ᠠ ᠲᠠᠶᠢᠯᠤᠮᠵᠢ ᠬᠢᠭᠰᠡᠨ ᠪᠦᠭᠡᠳ ︽ᠲᠠᠪᠤᠨ | ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠨ᠂ ᠨᠠᠮ ᠤᠨ ᠲᠥᠪ ᠬᠤᠷᠢᠶ᠎ᠠ ᠪᠣᠯᠣᠨ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠣᠯᠣᠨ ᠬᠦᠰᠡᠯ ᠨᠠᠶᠢᠳᠠᠯᠭ᠎ᠠ ᠶᠢ | ᠭᠦᠨᠵᠡᠭᠡᠢ ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ | ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ | ᠬᠤᠶᠠᠷ ᠶᠡᠭᠡ ᠶᠠᠪᠤᠳᠠᠯ ᠳᠡᠭᠡᠷ᠎ᠡ ᠦᠢᠯᠡᠳᠦᠯ ᠢᠶᠠᠨ ᠪᠠᠳᠠᠷᠠᠭᠤᠯᠤᠨ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ | ᠲᠤᠬᠠᠶᠢᠯᠠᠭᠰᠠᠨ ᠠᠵᠢᠯ ᠢᠶᠠᠨ ᠰᠠᠶᠢᠨ ᠬᠢᠬᠦ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ | ᠪᠣᠯᠭᠠᠨ ᠬᠤᠪᠢᠷᠠᠭᠤᠯᠬᠤ ᠬᠡᠷᠡᠭᠲᠡᠢ ᠬᠡᠵᠦ ᠤᠷᠢᠶᠠᠯᠠᠪᠠ᠃ ᠲᠡᠷᠡ ᠪᠠᠰᠠ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠤᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠨᠳᠦᠰᠦᠨ | ᠱᠠᠲᠤᠨ ᠤ ︽ᠠᠷᠠᠳ ᠤᠨ ᠲᠥᠯᠥᠭᠡᠯᠡᠭᠴᠢᠳ ᠤᠨ ᠭᠡᠷ︾ ᠤᠨ ᠴᠢᠳᠠᠪᠬᠢ ᠶᠢ ᠠᠰᠢᠭᠯᠠᠨ᠂ ᠠᠷᠠᠳ ᠤᠨ | ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ︽ᠭᠤᠣᠯ ᠰᠠᠭᠤᠷᠢᠨ ᠭᠠᠵᠠᠷ︾ ᠢ ᠪᠠᠬᠢᠵᠢᠭᠦᠯᠵᠦ᠂ | ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠭᠰᠠᠨ ᠪᠠᠶᠢᠨ᠎ᠠ᠃ | ᠬᠤᠷᠠᠯ ᠤᠨ ᠳᠠᠷᠠᠭ᠎ᠠ᠂ ᠯᠢ ᠱᠤᠤ ᠯᠢᠨ ᠬᠦᠳᠡᠭᠡ ᠲᠣᠰᠬᠤᠨ ᠤ ᠬᠥᠭᠵᠢᠯᠲᠡ ᠂ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠵᠡᠷᠭᠡ ᠲᠠᠯ᠎ᠠ ᠪᠠᠷ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠰᠣᠯᠢᠯᠴᠠᠪᠠ᠃ |