︽ᠬᠤᠷᠳᠤᠨ ᠬᠦᠯᠦᠭ ᠤᠨ ᠬᠤᠯᠪᠤᠭᠠᠳᠤ ᠤᠷᠤᠯᠳᠤᠭᠠᠨ︾ ᠲᠠᠶᠢᠹᠤᠰᠧ ᠨᠤᠳᠤᠭ ᠲᠤ ᠶᠠᠪᠤᠭᠳᠠᠯ᠎ᠠ
ᠨᠡᠶᠢᠲᠡᠯᠡᠭᠰᠡᠨ ᠴᠠᠭ᠄
2023/12/27
 12 ᠰᠠᠷ᠎ᠠ ᠶᠢᠨ 26 ᠤ ᠡᠳᠦᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ ︾ ᠳᠤᠮᠳᠠᠳᠤ ᠤᠯᠤᠰ ᠤᠨ ᠠᠳᠤᠭᠤᠳᠤ ᠨᠤᠳᠤᠭ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ
ᠤᠷᠤᠯᠳᠤᠭᠠᠨ ᠤ ᠲᠠᠶᠢᠹᠤᠰᠧ ᠥᠷᠲᠡᠭᠡ ᠶᠢᠨ ᠰᠢᠢᠳᠪᠦᠷᠢᠲᠦ ᠤᠷᠤᠯᠳᠤᠭᠠᠨ ᠢᠳᠡ ᠬᠦᠭ ᠲᠠᠢ  ᠶᠠᠪᠤᠭᠳᠠᠪᠠ᠃  
  ᠡᠨᠡ ᠤᠳᠠᠭᠠᠨ ᠤ ᠤᠷᠤᠯᠳᠤᠭᠠᠨ ᠳᠤ ᠨᠡᠶᠢᠲᠡ 15 ᠺᠢᠯᠣᠮᠧᠲᠷ ᠤᠨ ᠰᠢᠨᠳᠠᠰᠤ ᠰᠢᠯᠭᠠᠬᠤ ᠤᠷᠤᠯᠳᠤᠭᠠᠨ᠂  ᠨᠢᠬᠡᠴᠡ  ᠶᠢᠨ  ᠬᠦᠴᠦᠨ ᠵᠠᠯᠭᠠᠬᠤ ᠤᠷᠤᠯᠳᠤᠭᠠᠨ ︵6000 ᠮᠧᠲᠷ︶  ᠬᠡᠬᠦ ᠬᠤᠶᠠᠷ ᠵᠦᠢᠯ ᠤᠨ ᠤᠷᠤᠯᠳᠤᠭᠠᠨ ᠲᠣᠬᠢᠷᠠᠭᠤᠯᠤᠭᠰᠠᠨ ᠪᠠᠶᠢᠨ᠎ᠠ᠃  
  ᠣᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤᠨ ᠤ ᠬᠢᠨ ︽ᠠᠳᠤᠭᠤᠨ ᠤ ᠠᠵᠤ ᠠᠬᠤᠢ︾ ᠶᠢ ᠢᠳᠡᠪᠬᠢᠲᠡᠢ ᠪᠠᠷ ᠬᠥᠭᠵᠢᠭᠦᠯᠵᠦ᠂ ᠠᠳᠤᠭᠤᠨ ᠰᠣᠶᠣᠯ ᠬᠢᠭᠡᠳ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠦᠷᠡᠵᠢᠭᠦᠯᠦᠨ ᠪᠣᠶᠢᠵᠢᠭᠤᠯᠬᠤ᠂  ᠰᠤᠷᠭᠠᠵᠤ ᠪᠣᠯᠪᠠᠰᠤᠷᠠᠭᠤᠯᠬᠤ᠂ ᠤᠷᠤᠯᠳᠤᠭᠠᠨ  ᠡᠷᠬᠢᠯᠡᠬᠦ᠂  ᠰᠢᠨᠵᠢᠯᠡᠭᠡ ᠰᠤᠳᠤᠯᠭᠠᠨ ᠬᠢᠬᠦ᠂ ᠰᠣᠯᠢᠯᠴᠠᠭ᠎ᠠ  ᠶᠠᠪᠤᠭᠤᠯᠬᠤ   ᠶᠢ ᠨᠢᠭᠡ ᠴᠣᠭᠴᠠᠵᠢᠭᠤᠯᠤᠭᠰᠠᠨ ᠠᠳᠤᠭᠤᠨ ᠤ ᠠᠵᠤ ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠣᠶ ᠪᠣᠯᠭᠠᠵᠤ᠂ ︽ᠮᠣᠩᠭᠤᠯ ᠮᠤᠷᠢᠨ ᠤ ᠵᠣᠷᠢᠭ ᠰᠠᠨᠠᠭ᠎ᠠ︾ ᠳᠤ ᠠᠭᠤᠯᠤᠭᠳᠠᠵᠤ ᠪᠠᠶᠢᠭ᠎ᠠ ᠪᠤᠴᠠᠯᠲᠠ ᠦᠭᠡᠢ ᠤᠷᠤᠭᠰᠢᠯᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂  ᠲᠠᠶᠢᠹᠤᠰᠧ ᠬᠤᠰᠢᠭᠤᠨ ᠤ ᠣᠳᠣᠬᠢᠴᠢᠯᠠᠭᠰᠠᠨ ᠠᠳᠤᠭᠤᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠭ᠎ᠠ ᠶᠤᠮ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号