ᠰᠢᠩ ᠹᠦ᠋ ᠰᠢᠶᠠᠩ
ᠨᠡᠶᠢᠲᠡᠯᠡᠭᠰᠡᠨ ᠴᠠᠭ᠄
2023/12/27
    ᠰᠢᠩ ᠹᠦ᠋ ᠰᠢᠶᠠᠩ ᠨᠢ ᠲᠠᠶᠢᠹᠤᠰᠧ ᠬᠤᠰᠢᠭᠤᠨ ᠤ ᠪᠠᠷᠠᠭᠤᠨ ᠡᠮᠦᠨ᠎ᠡ ᠬᠡᠰᠡᠭ ᠲᠤ ᠪᠠᠶᠢᠷᠢᠯᠠᠨ᠎ᠠ᠂ ᠰᠢᠯᠢ ᠶᠢᠨ ᠭᠤᠣᠯ ᠠᠶᠢᠮᠠᠭ ᠤᠨ ᠪᠡᠭᠡᠵᠢᠩ ᠲᠢᠶᠠᠨᠵᠢᠨ ᠵᠡᠷᠭᠡ ᠲᠤᠳᠤᠷ᠎ᠠ ᠣᠷᠣᠨ ᠯᠤᠭ᠎ᠠ ᠨᠡᠪᠲᠡᠷᠡᠬᠦ ᠡᠮᠦᠨ᠎ᠡ ᠡᠭᠦᠳᠡ ᠨᠢ ᠪᠠᠶᠢᠵᠤ ᠂   ᠨᠡᠶᠢᠰᠯᠡᠯ ᠪᠡᠭᠡᠵᠢᠩ ᠠᠴᠠ ᠪᠠᠷᠤᠭ 300 ᠺᠢᠯᠣᠮᠧᠲᠷ ᠵᠠᠶᠢᠲᠠᠢ᠃ ᠵᠡᠭᠦᠨ ᠡᠮᠦᠨᠡᠬᠦᠷ ᠢᠶᠠᠨ ᠾᠧᠪᠧᠢ ᠮᠤᠵᠢ ᠶᠢᠨ ᠬᠦ᠋ ᠶᠤᠸᠠᠨ ᠰᠢᠶᠠᠨ ᠂ ᠪᠠᠷᠠᠭᠤᠨ ᠬᠤᠶᠢᠭᠤᠷ ᠢᠶᠠᠨ ᠾᠧᠪᠧᠢ ᠮᠤᠵᠢ ᠶᠢᠨ ᠺᠠᠩ ᠪᠦᠦ ᠰᠢᠶᠠᠨ ᠲᠠᠢ  ᠬᠦᠷᠰᠢᠯᠡᠵᠦ᠂ ᠬᠤᠶᠢᠲᠤ ᠲᠠᠯ᠎ᠠ ᠪᠠᠷ ᠢᠶᠠᠨ ᠬᠦᠨᠪᠤᠯᠠᠭ ᠰᠤᠮᠤ ᠲᠠᠢ ᠵᠠᠬ᠎ᠠ ᠨᠡᠶᠢᠯᠡᠵᠦ ᠪᠠᠶᠢᠨ᠎ᠠ᠃ ᠪᠥᠬᠦ ᠰᠢᠶᠠᠩ ᠤᠨ ᠶᠡᠷᠦᠩᠬᠡᠢ ᠲᠠᠯᠠᠪᠠᠶ ᠨᠢ 180 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 21 ᠵᠠᠰᠠᠭ ᠵᠠᠬᠢᠷᠭᠠᠨ ᠤ ᠲᠣᠰᠬᠤᠨ᠂ 49 ᠠᠶᠢᠯ ᠲᠣᠰᠬᠤᠨ ᠢ  ᠬᠠᠷᠢᠶᠠᠯᠠᠨ᠎ᠠ᠂ ᠡᠷᠦᠬᠡ ᠠᠮᠠ ᠶᠢᠨ ᠲᠠᠩᠰᠠ ᠲᠠᠢ ᠨᠢ 6816 ᠡᠷᠦᠬᠡ 15486 ᠬᠥᠮᠥᠨ᠂ ᠪᠠᠶᠢᠩᠭᠤ ᠰᠠᠭᠤᠭ᠎ᠠ ᠨᠢ 2820 ᠡᠷᠦᠬᠡ 5443 ᠬᠥᠮᠥᠨ ᠪᠠᠶᠢᠵᠤ᠂ ᠬᠢᠲᠠᠳ ᠦᠨᠳᠦᠰᠦᠲᠡᠨ 99% ᠶᠢ ᠡᠵᠡᠯᠡᠨ᠂ ᠮᠠᠨᠵᠤ᠂ ᠬᠤᠲᠣᠩ  ᠂ ᠮᠣᠩᠭᠤᠯ ᠵᠡᠷᠭᠡ ᠴᠦᠬᠡᠨ ᠲᠤᠭᠠᠳᠤ ᠦᠨᠳᠦᠰᠦᠲᠡᠨ 1% ᠶᠢ ᠡᠵᠡᠯᠡᠨ᠎ᠡ  ᠃  ᠲᠤᠰ ᠰᠢᠶᠠᠩ ᠨᠢ 22 ᠨᠠᠮ ᠤᠨ ᠡᠭᠦᠷ ︵ᠪᠠᠶᠢᠭᠤᠯᠭ᠎ᠠ ᠶᠢᠨ ᠨᠠᠮ ᠤᠨ ᠡᠭᠦᠷ 1᠂  ᠲᠤᠰᠬᠤᠨ ᠤ ᠨᠠᠮ ᠤᠨ ᠡᠭᠦᠷ 21︶ ᠲᠠᠢ ᠪᠠᠶᠢᠵᠤ᠂ ᠨᠡᠶᠢᠳᠡ 605 ᠨᠠᠮ ᠤᠨ ᠭᠡᠰᠢᠭᠦᠨ ᠲᠠᠢ᠃       ᠪᠥᠬᠦ ᠰᠢᠶᠠᠩ ᠤᠨ ᠲᠠᠷᠢᠶᠠᠨ ᠭᠠᠵᠠᠷ ᠤᠨ ᠲᠠᠯᠠᠪᠠᠶ 98246.37 ᠮᠦ ︵ᠡᠭᠦᠨ ᠳᠤ ᠤᠰᠤᠯᠠᠯᠲᠠ ᠶᠢᠨ ᠲᠠᠷᠢᠶ᠎ᠠ 37150 ᠮᠦ ︶᠂ ᠣᠶᠢᠲᠤ ᠭᠠᠵᠠᠷ 2.74 ᠲᠦᠮᠡᠨ ᠮᠦ ᠪᠠᠶᠢᠵᠤ  ᠂ ᠲᠠᠷᠢᠶᠠᠯᠠᠬᠤ ᠶᠢ ᠵᠣᠭᠰᠣᠭᠠᠵᠤ  ᠠᠮᠢ ᠠᠬᠤᠢ ᠶᠢ ᠰᠡᠷᠭᠦᠭᠡᠬᠦ ᠲᠠᠯᠠᠪᠠᠢ  8.3 ᠲᠦᠮᠡᠨ ᠮᠦ ᠳᠤ ᠬᠦᠷᠴᠦ᠂  ᠬᠤᠴᠢᠯᠭ᠎ᠠ ᠶᠢᠨ ᠨᠣᠷᠮ᠎ᠠ 45%   ᠳᠤ ᠬᠦᠷᠴᠡᠢ᠃  ᠲᠤᠰᠬᠠᠢ ᠬᠤᠷᠰᠢᠶ᠎ᠠ᠂ ᠭᠡᠷ ᠪᠦᠯᠢ ᠶᠢᠨ ᠮᠠᠯᠵᠢᠯ ᠤᠨ ᠲᠠᠯᠠᠪᠠᠶ ᠨᠡᠶᠢᠲᠡ 16 ᠪᠠᠶᠢᠭᠤᠯᠤᠭᠳᠠᠵᠤ᠂ ᠡᠮ ᠤᠨ ᠮᠠᠲ᠋ᠧᠷᠢᠶᠠᠯ᠂ ᠰᠢᠬᠢᠷ ᠯᠤᠤᠪᠠᠩ᠂ ᠲᠥᠮᠥᠰᠥ᠂ ᠢᠳᠡᠰᠢᠨ ᠨᠣᠭᠤᠭ᠎ᠠ ᠵᠡᠷᠭᠡ ᠲᠠᠷᠢᠮᠠᠯ ᠤᠨ ᠦᠢᠯᠡᠰ ᠢ ᠬᠦᠭᠵᠢᠬᠦᠯᠵᠦ ᠪᠤᠢ᠂  ᠶᠦᠩ ᠸᠠᠩ ᠲᠤᠰᠬᠤᠨ᠂ ᠨᠠᠨ ᠳ᠋ᠢ ᠹᠠᠩ ᠲᠤᠰᠬᠤᠨ ᠳᠤ ᠲᠤᠰᠪᠤᠷᠢ ᠲᠣᠭᠲᠠᠮᠠᠯ ᠲᠤᠯᠠᠭᠠᠨᠳᠤ ᠬᠥᠮᠥᠷᠭᠡ  ᠪᠠᠶᠢᠭᠤᠯᠵᠤ ︵ᠨᠡᠶᠢᠲᠡ 1200 ᠲᠡᠭᠰᠢ ᠳᠥᠷᠪᠡᠯᠵᠢᠨ ᠮᠧᠲᠷ︶᠂  ᠲᠦᠮᠡᠨ ᠲᠣᠨ ᠤ ᠪᠠᠭᠳᠠᠭᠠᠮᠵᠢ  ᠲᠠᠢ ᠲᠦᠮᠦᠰᠦ  ᠬᠠᠳᠠᠭᠠᠯᠠᠬᠤ ᠵᠣᠭᠤᠷᠢ 1 ᠶᠢ  ᠪᠠᠶᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号