ᠶᠦᠩ ᠹᠧᠩ ᠪᠠᠯᠭᠠᠰᠤ
ᠨᠡᠶᠢᠲᠡᠯᠡᠭᠰᠡᠨ ᠴᠠᠭ᠄
2023/12/27
   ᠶᠦᠩ ᠹᠧᠩ ᠪᠠᠯᠭᠠᠰᠤ ᠨᠢ ᠲᠠᠶᠢᠹᠤᠰᠧ ᠬᠤᠰᠢᠭᠤᠨ ᠤ ᠬᠤᠶᠢᠲᠤ ᠪᠡᠶ᠎ᠡ ᠳᠤ ᠪᠠᠶᠢᠷᠢᠯᠠᠵᠤ᠂ ᠵᠡᠭᠦᠨ ᠲᠠᠯ᠎ᠠ ᠪᠠᠷ ᠢᠶᠠᠨ ᠯᠦᠸᠧ ᠲᠦᠸᠧ ᠱᠠᠨ ᠪᠠᠯᠭᠠᠰᠤ ᠂ ᠵᠡᠭᠦᠨ ᠡᠮᠦᠨᠡᠬᠦᠷ ᠢᠶᠠᠨ ᠴᠢᠶᠠᠨ ᠶᠢᠨ ᠭᠧᠦ ᠪᠠᠯᠭᠠᠰᠤ᠂  ᠡᠮᠦᠨᠡᠬᠦᠷ   ᠢᠶᠠᠨ ᠪᠤᠤᠴᠠᠩ ᠪᠠᠯᠭᠠᠰᠤ  ᠂ ᠪᠠᠷᠠᠭᠤᠨ ᠲᠠᠯ᠎ᠠ ᠪᠠᠷ ᠢᠶᠠᠨ ᠬᠤᠩ ᠴᠢ ᠪᠠᠯᠭᠠᠰᠤ᠂ ᠬᠤᠶᠢᠭᠤᠷ ᠢᠶᠠᠨ ᠰᠢᠯᠤᠭᠤᠨ ᠬᠥᠪᠡᠭᠡᠲᠦ ᠴᠠᠭᠠᠨ ᠬᠤᠰᠢᠭᠤ ᠲᠠᠢ ᠬᠦᠷᠰᠢᠯᠡᠨ᠎ᠡ᠃ ᠶᠡᠷᠦᠩᠬᠡᠢ ᠲᠠᠯᠠᠪᠠᠢ ᠨᠢ 398 ᠲᠡᠭᠰᠢ ᠳᠥᠷᠪᠡᠯᠵᠢᠨ ᠺᠢᠯᠤᠮᠥᠲᠷ᠂ 19 ᠵᠠᠰᠠᠭ ᠵᠠᠬᠢᠷᠭᠠᠨ ᠤ ᠲᠣᠰᠬᠤᠨ ᠤ 61 ᠠᠶᠢᠯ ᠬᠤᠳᠠ ᠶᠢ ᠬᠠᠷᠢᠶᠠᠯᠠᠨ᠎ᠠ᠃  ᠣᠶᠢᠲᠤ ᠭᠠᠵᠠᠷ 24.76 ᠲᠦᠮᠡᠨ ᠮᠦ ︵ᠡᠭᠦᠨ ᠳᠤ ᠲᠠᠷᠢᠶᠠᠯᠠᠬᠤ ᠶᠢ ᠵᠣᠭᠰᠣᠭᠠᠵᠤ  ᠠᠮᠢ ᠠᠬᠤᠢ ᠶᠢ ᠰᠡᠷᠬᠦᠬᠡᠬᠦ ᠲᠠᠯᠠᠪᠠᠢ 7.11 ᠲᠦᠮᠡᠨ ᠮᠦ︶  ᠂  ᠲᠠᠯ᠎ᠠ ᠭᠠᠵᠠᠷ 19.02 ᠲᠦᠮᠡᠨ ᠮᠦ  ᠂ ᠲᠠᠷᠢᠶᠠᠨ ᠭᠠᠵᠠᠷ 16.58 ᠲᠦᠮᠡᠨ ᠮᠦ  ︵ᠡᠭᠦᠨ  ᠳᠤ ᠤᠰᠤᠯᠠᠯᠲᠠ ᠶᠢᠨ ᠲᠠᠷᠢᠶ᠎ᠠ 8.12 ᠲᠦᠮᠡᠨ ᠮᠦ︶᠃ ᠨᠠᠮ ᠤᠨ ᠡᠭᠦᠷ 20᠂ ᠨᠠᠮ ᠤᠨ ᠭᠡᠰᠢᠭᠦᠨ 548 ᠬᠥᠮᠥᠨ ︵ᠡᠭᠦᠨ ᠳᠤ  ᠪᠠᠶᠢᠭᠤᠯᠭ᠎ᠠ ᠶᠢᠨ ᠨᠠᠮ ᠤᠨ ᠭᠡᠰᠢᠭᠦᠨ 43᠂ ᠲᠠᠷᠢᠶᠠᠴᠢᠨ ᠨᠠᠮ ᠤᠨ ᠭᠡᠰᠢᠭᠦᠨ 505︶ ᠪᠠᠶᠢᠨ᠎ᠠ᠃    ᠲᠡᠦᠬᠡ ᠶᠢᠨ ᠤᠯᠠᠷᠢᠯ ᠬᠤᠪᠢᠰᠤᠯ  ᠄ 1958 ᠣᠨ ᠳᠤ ᠶᠦᠩ ᠹᠧᠩ ᠠᠷᠠᠳ ᠤᠨ ᠨᠢᠭᠡᠳᠦᠯ ᠪᠠᠶᠢᠭᠤᠯᠤᠭᠳᠠᠵᠤ ᠂ 1984 ᠣᠨ ᠳᠤ ᠶᠦᠩ ᠹᠧᠩ  ᠨᠢᠭᠡᠳᠦᠯ ᠢ ᠬᠠᠰᠤᠭᠠᠳ ᠶᠦᠩ ᠹᠧᠩ‌‍ᠰᠢᠶᠠᠩ ᠭᠡᠵᠦ ᠬᠠᠯᠠᠪᠠ᠃ 2001 ᠣᠨ ᠳᠤ᠂ ᠰᠤᠮᠤ ᠰᠢᠶᠠᠩ ᠪᠠᠯᠭᠠᠰᠤᠨ ᠤ ᠪᠠᠶᠢᠭᠤᠯᠤᠮᠵᠢ ᠳᠤ ᠥᠭᠡᠷᠡᠴᠢᠯᠡᠯᠲᠡ ᠬᠢᠬᠦ ᠦᠶᠡᠰ᠂ ᠶᠦᠩ ᠹᠧᠩ ᠰᠢᠶᠠᠩ ᠢ ᠤᠤᠯ ᠤᠨ ᠮᠠ ᠹᠠᠩ ᠽᠢ ᠰᠢᠶᠠᠩ  ᠲᠠᠢ ᠨᠡᠶᠢᠯᠡᠭᠦᠯᠦᠭᠡᠳ ᠶᠦᠩ ᠹᠧᠩ ᠪᠠᠯᠭᠠᠰᠤ ᠪᠣᠯᠭᠠᠪᠠ᠃ 2005 ᠣᠨ ᠤ ᠰᠡᠭᠦᠯᠴᠢ ᠪᠠᠷ ᠶᠦᠩ ᠹᠧᠩ ᠪᠠᠯᠭᠠᠰᠤ ᠶᠢ ᠪᠤᠤᠴᠠᠩ ᠪᠠᠯᠭᠠᠰᠤᠨ ᠳᠤ ᠤᠷᠤᠭᠤᠯᠵᠤ᠂  2012 ᠣᠨ ᠳᠤ ᠶᠦᠩ ᠹᠧᠩ ᠰᠢᠶᠠᠩ ᠪᠣᠯᠣᠨ ᠲᠧᠦ ᡁᠢ ᠵᠢᠶᠠᠨ ᠰᠢᠶᠠᠩ ᠢ ᠨᠡᠶᠢᠯᠡᠭᠦᠯᠦᠭᠡᠳ‌‍ᠶᠦ᠋ᠩ ᠹᠧᠩ ᠪᠠᠯᠭᠠᠰᠤ ᠪᠤᠯᠭᠠᠵᠠᠢ᠃      ᠪᠠᠶᠢᠭᠠᠯᠢ ᠠᠬᠤᠢ ᠭᠠᠵᠠᠷ ᠵᠦᠢ  ᠄ ᠮᠤᠨᠢ ᠠᠭᠤᠯᠠ ᠶᠢᠨ ᠵᠡᠭᠦᠨ ᠬᠡᠰᠡᠭ ᠲᠤ ᠣᠷᠣᠰᠢᠵᠤ᠂ ᠭᠠᠵᠠᠷ ᠤᠨ ᠪᠠᠶᠢᠴᠠ  ᠨᠢ ᠪᠠᠷᠠᠭᠤᠨ ᠢᠶᠠᠨ ᠥᠨᠳᠥᠷ ᠵᠡᠭᠦᠨ ᠢᠶᠠᠨ ᠳᠣᠣᠷ᠎ᠠ  ᠂᡽ ᠳᠤᠮᠳᠠ ᠰᠡᠷᠢᠭᠦᠨ ᠪᠦᠰᠡᠨ ᠤ ᠳᠡᠳ᠋ ᠭᠠᠩ ᠬᠠᠭᠤᠷᠠᠢ ᠡᠬᠡ ᠭᠠᠵᠠᠷ ᠤᠨ ᠴᠢᠨᠠᠷᠲᠠᠢ ᠠᠭᠤᠷ ᠠᠮᠢᠰᠬᠤᠯ ᠳᠤ ᠬᠠᠷᠢᠶᠠᠯᠠᠭᠳᠠᠵᠤ᠂ ᠵᠢᠯ ᠤᠨ ᠳᠤᠮᠳᠠᠴᠢ ᠠᠭᠠᠷ ᠤᠨ ᠳᠤᠯᠠᠭᠠᠨ  ᠨᠢ 2.4℃᠂ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 400 ᠮᠢᠯᠢᠮᠧᠲᠷ ᠣᠷᠴᠢᠮ ᠪᠠᠶᠢᠵᠤ᠂ ᠬᠢᠷᠠᠭᠤ ᠦᠭᠡᠢ ᠬᠤᠭᠤᠴᠠᠭ᠎ᠠ ᠨᠢ 100 ᠡᠳᠦᠷ ᠣᠷᠴᠢᠮ ᠪᠠᠶᠢᠳᠠᠭ᠃  ᠨᠡᠭᠡᠭᠡᠨ ᠠᠰᠢᠭᠯᠠᠵᠤ ᠪᠣᠯᠬᠤ ᠭᠤᠣᠯ ᠮᠥᠷᠡᠨ ᠭᠡᠵᠦ ᠪᠠᠶᠢᠬᠤ ᠦᠭᠡᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠶᠡᠷᠦᠩᠬᠡᠢ ᠳᠡᠭᠡᠨ ᠳᠤᠲᠠᠮᠠᠭ  ᠪᠠᠶᠢᠳᠠᠭ᠃      ᠵᠠᠮ ᠬᠠᠷᠢᠯᠴᠠᠭᠠᠨ ᠤ ᠪᠠᠶᠢᠳᠠᠯ  ᠄ ᠵᠠᠮ ᠬᠠᠷᠢᠯᠴᠠᠭ᠎ᠠ ᠲᠥᠬᠦᠮ ᠪᠠᠶᠢᠵᠤ᠂ ᠬᠤᠰᠢᠭᠤ ᠵᠠᠰᠠᠭ ᠤᠨ ᠣᠷᠳᠣᠨ ᠤ ᠲᠦᠪ ᠪᠤᠤᠴᠠᠩ ᠪᠠᠯᠭᠠᠰᠤ   ᠠᠴᠠ ᠵᠡᠭᠦᠨ ᠬᠤᠶᠢᠰᠢ 12.5 ᠺᠢᠯᠣᠮᠧᠲᠷ ᠵᠠᠶᠢᠲᠠᠢ ᠪᠠᠶᠢᠷᠢᠯᠠᠨ᠎ᠠ᠂  ᠬᠦ᠋ ᠬᠠᠢ ᠶᠡᠭᠡ  ᠵᠠᠮ   ᠠᠴᠠ 40 ᠺᠢᠯᠣᠮᠧᠲᠷ ᠵᠠᠶᠢᠲᠠᠢ᠂  ︽207︾  ᠤᠯᠤᠰ ᠤᠨ ᠵᠠᠮ  ᠂ ︽304  ︾ ᠮᠤᠵᠢ ᠶᠢᠨ ᠵᠠᠮ ᠲᠤᠰ ᠪᠠᠯᠭᠠᠰᠤ ᠪᠠᠷ ᠦᠩᠭᠡᠷᠡᠨ᠎ᠡ  ᠂  19 ᠲᠣᠰᠬᠤᠨ ᠳᠤ ᠴᠥᠮ ᠽᠧᠮᠧᠨ᠋ᠲ ᠵᠠᠮ ᠨᠡᠪᠳᠡᠷᠡᠵᠡᠢ᠃    ᠡᠷᠡᠭᠦᠯ ᠬᠠᠮᠠᠭᠠᠯᠠᠯ ᠰᠣᠶᠣᠯ ᠤᠨ ᠦᠢᠯᠡᠰ᠄ ᠵᠢᠵᠢᠭ ᠬᠡᠯᠪᠡᠷᠢ ᠶᠢᠨ ᠰᠤᠶᠤᠯ ᠤᠨ ᠬᠦᠳᠡᠯᠪᠦᠷᠢ ᠶᠢᠨ ᠲᠠᠯᠠᠪᠠᠶ 20᠂ ᠶᠡᠷᠦᠩᠬᠡᠶᠢᠯᠡᠭᠰᠡᠨ ᠴᠢᠨᠠᠷᠳᠠᠢ ᠰᠣᠶᠣᠯ ᠤᠨ ᠬᠦᠳᠡᠯᠪᠦᠷᠢ ᠶᠢᠨ ᠥᠷᠥᠭᠡ 20᠂  ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 2᠂  ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ 15  ᠪᠠᠶᠢᠨ᠎ᠠ᠃      ᠠᠵᠤ ᠠᠬᠤᠢ ᠶᠢᠨ ᠲᠣᠶᠢᠮᠣ ᠪᠠᠶᠢᠳᠠᠯ  ᠄  ᠲᠠᠷᠢᠶᠠᠯᠠᠩ ᠮᠠᠯ ᠠᠵᠤ ᠠᠬᠤᠢ ᠪᠠᠷ ᠭᠤᠣᠯᠯᠠᠬᠤ ᠠᠵᠤ ᠦᠢᠯᠡᠰ ᠪᠤᠯᠭᠠᠨ᠎ᠠ᠂ ᠠᠮᠤ ᠪᠤᠳᠠᠭᠠᠨ ᠤ ᠲᠠᠷᠢᠮᠠᠯ ᠳᠤ ᠪᠤᠭᠤᠳᠠᠢ᠂ ᠶᠤᠤᠮᠠᠢ ᠪᠠᠷ ᠭᠤᠣᠯ ᠪᠣᠯᠭᠠᠵᠤ᠂ ᠠᠵᠤ ᠠᠬᠤᠢ ᠶᠢᠨ ᠲᠠᠷᠢᠮᠠᠯ ᠳᠤ ᠰᠢᠬᠢᠷ ᠯᠤᠤᠪᠠᠩ᠂ ᠲᠥᠮᠥᠰᠥ᠂ ᠨᠡᠷᠡᠨ ᠬᠤᠸᠠᠷ ᠢᠶᠠᠷ ᠭᠤᠣᠯ ᠪᠣᠯᠭᠠᠵᠤ᠂ ᠮᠠᠯ ᠠᠵᠤ ᠠᠬᠤᠢ ᠳᠤ ᠦᠬᠡᠷ᠂ ᠬᠤᠨᠢ ᠲᠡᠵᠢᠭᠡᠬᠦ ᠪᠠᠷ ᠭᠤᠣᠯ ᠪᠣᠯᠭᠠᠨ᠎ᠠ᠃ 2022 ᠣᠨ ᠳᠤ᠂ ᠪᠥᠬᠦ ᠪᠠᠯᠭᠠᠰᠤᠨ ᠤ ᠲᠠᠷᠢᠮᠠᠯ ᠤᠨ ᠶᠡᠷᠦᠩᠬᠡᠢ  ᠲᠠᠯᠠᠪᠠᠶ 16.58 ᠲᠦᠮᠡᠨ ᠮᠦ ᠳᠤ ᠬᠦᠷᠴᠦ᠂ ᠡᠭᠦᠨ ᠳᠤ ᠠᠮᠤ ᠪᠤᠳᠠᠭᠠᠨ ᠤ ᠲᠠᠷᠢᠮᠠᠯ  10.51 ᠲᠦᠮᠡᠨ ᠮᠦ  ᠂ ᠠᠵᠤ ᠠᠬᠤᠢ ᠶᠢᠨ ᠲᠠᠷᠢᠮᠠᠯ  6.07 ᠲᠦᠮᠡᠨ ᠮᠦ ᠳᠤ ᠬᠦᠷᠴᠡᠢ᠃  ᠮᠠᠯ ᠤᠨ ᠲᠤᠭ᠎ᠠ ᠲᠤᠯᠤᠭᠠᠢ ᠨᠡᠶᠢᠲᠡ 41274 ᠳᠤ ᠬᠦᠷᠴᠦ᠂ ᠡᠭᠦᠨ ᠳᠤ ᠪᠤᠳᠠ ᠮᠠᠯ 12903  ᠂ ᠪᠣᠭ ᠮᠠᠯ 28371 ︵ ᠬᠤᠨᠢ 27420  ᠂ ᠭᠠᠭ᠋ᠠᠢ 951︶ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号