12 ᠰᠠᠷ᠎ᠠ ᠶᠢᠨ 27 ᠤ ᠡᠳᠦᠷ ᠪᠣᠯ ︽ ᠰᠦᠷᠳᠡᠬᠦᠯᠦᠯ ᠤᠨ ᠦᠵᠡᠯ ᠢ ᠡᠰᠡᠷᠭᠦᠴᠡᠬᠦ ᠬᠠᠤᠯᠢ︾ ᠨᠡᠶᠢᠳᠡᠯᠡᠭᠳᠡᠭᠰᠡᠨ | 8 ᠵᠢᠯ ᠤᠨ ᠣᠶ ᠪᠣᠯᠣᠨ᠎ᠠ᠂ ᠠᠷᠠᠳ ᠤᠯᠠᠨ ᠤ ᠰᠦᠷᠳᠡᠭᠦᠯᠦᠯ ᠢ ᠲᠠᠨᠢᠬᠤ᠂ ᠰᠦᠷᠳᠡᠭᠦᠯᠦᠯ ᠢ ᠰᠡᠷᠭᠡᠶᠢᠯᠡᠬᠦ᠂ | ᠰᠦᠷᠳᠡᠭᠦᠯᠦᠯ ᠢ ᠡᠰᠡᠷᠭᠦᠴᠡᠬᠦ ᠤᠬᠠᠮᠰᠠᠷ ᠴᠢᠳᠠᠪᠤᠷᠢ ᠶᠢ ᠨᠡᠮᠡᠭᠳᠡᠬᠦᠯᠵᠦ᠂ ᠪᠥᠬᠦ ᠠᠷᠠᠳ ᠤᠨ ᠰᠦᠷᠳᠡᠭᠦᠯᠦᠯ ᠢ | ᠡᠰᠡᠷᠭᠦᠴᠡᠬᠦ ᠦᠵᠡᠯ ᠰᠠᠨᠠᠭᠠᠨ ᠤ ᠰᠠᠭᠤᠷᠢ ᠪᠠ ᠣᠯᠠᠨ ᠲᠦᠮᠡᠨ ᠤ ᠰᠠᠭᠤᠷᠢ ᠶᠢ ᠪᠠᠲᠤ ᠴᠤᠭᠴᠠᠯᠠᠬᠤ ᠶᠢᠨ ᠲᠤᠰᠠᠳᠠ᠂ | ᠲᠠᠶᠢᠹᠤᠰᠧ ᠬᠤᠰᠢᠭᠤᠨ ᠤ ᠰᠦᠷᠳᠡᠭᠦᠯᠦᠯ ᠢ ᠡᠰᠡᠷᠭᠦᠴᠡᠬᠦ ᠠᠯᠪᠠᠨ ᠭᠡᠷ ᠨᠢ ᠪᠦᠬᠦ ᠬᠤᠰᠢᠭᠤᠨ ᠤ ︽ᠡᠪᠦᠯ ᠤᠨ | ᠨᠠᠭᠠᠳᠤᠮ︾ ᠤᠨ ᠠᠬᠤᠢ ᠲᠠᠯᠠᠪᠠᠢ ᠳᠤ ᠬᠦᠷᠴᠦ ︽ᠪᠥᠬᠦ ᠠᠷᠠᠳ ᠢᠶᠠᠷ ᠢᠶᠠᠨ ᠰᠦᠷᠳᠡᠭᠦᠯᠦᠯ ᠢ ᠡᠰᠡᠷᠭᠦᠴᠡᠵᠦ | ᠠᠮᠤᠷ ᠠᠮᠤᠭᠤᠯᠠᠩ ᠢ ᠬᠠᠮᠲᠤ ᠪᠠᠷ ᠪᠠᠶᠢᠭᠤᠯᠬᠤ︾ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ | ᠦᠷᠨᠢᠬᠦᠯᠵᠡᠢ᠃ ᠠᠵᠢᠯᠳᠠᠳ ᠪᠢᠴᠢᠭᠡᠰᠦ ᠡᠯᠭᠦᠬᠦ᠂ ᠰᠠᠮᠪᠠᠷ᠎ᠠ ᠪᠤᠰᠬᠠᠬᠤ ᠂ ᠬᠠᠭᠤᠳᠠᠰᠤ ᠲᠠᠷᠬᠠᠭᠠᠬᠤ᠂ ᠵᠢᠭᠠᠵᠤ | ᠲᠠᠶᠢᠯᠪᠤᠷᠢᠯᠠᠬᠤ ᠵᠡᠷᠭᠡ ᠬᠡᠯᠪᠡᠷᠢ ᠪᠠᠷ ᠰᠦᠷᠳᠡᠭᠦᠯᠦᠯ ᠢ ᠡᠰᠡᠷᠬᠦᠴᠡᠬᠦ ᠠᠷᠭ᠎ᠠ ᠶᠢ ᠤᠬᠠᠭᠤᠯᠤᠨ ᠲᠦᠭᠡᠮᠡᠯᠵᠢᠭᠦᠯᠵᠦ᠂ | ᠪᠦᠬᠦ ᠠᠷᠠᠳ ᠢᠶᠠᠷ ᠢᠶᠠᠨ ᠰᠦᠷᠳᠡᠭᠦᠯᠦᠯ ᠢ ᠡᠰᠡᠷᠭᠦᠴᠡᠬᠦ᠂ ᠬᠥᠮᠥᠨ ᠪᠦᠬᠦᠨ ᠡᠬᠦᠷᠭᠡ ᠬᠠᠷᠢᠭᠤᠴᠠᠬᠤ ᠭᠦᠨ ᠵᠤᠵᠠᠭᠠᠨ | ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠳᠤ ᠨᠡᠶᠢᠲᠡ 600 ᠭᠠᠷᠤᠢ | ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 800 ᠭᠠᠷᠤᠢ ᠬᠥᠮᠥᠨ ᠳᠤ ᠰᠦᠷᠳᠡᠭᠦᠯᠦᠯ ᠢ ᠡᠰᠡᠷᠭᠦᠴᠡᠬᠦ | ᠤᠬᠠᠭᠤᠯᠭ᠎ᠠ ᠬᠥᠮᠦᠵᠢᠯ ᠬᠦᠷᠳᠡᠭᠡᠭᠡᠳ᠂ ᠤᠯᠠᠨ ᠲᠦᠮᠡᠨ ᠤ ᠰᠦᠷᠳᠡᠭᠦᠯᠦᠯ ᠢ ᠡᠰᠡᠷᠬᠦᠴᠡᠵᠦ ᠬᠦᠴᠦᠷᠬᠡᠭᠯᠡᠯ ᠢ | ᠰᠡᠷᠭᠡᠶᠢᠯᠡᠬᠦ ᠤᠬᠠᠮᠰᠠᠷ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠠᠮᠤᠷ ᠲᠣᠭᠲᠠᠭᠤᠨ ᠶᠢ ᠬᠠᠮᠠᠭᠠᠯᠠᠬᠤ ᠳᠤ | ᠰᠠᠭᠤᠷᠢ ᠪᠠᠳᠤ ᠰᠠᠭᠤᠷᠢ ᠶᠢ ᠲᠠᠯᠪᠢᠵᠠᠢ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ | ᠡᠷᠬᠢᠯᠡᠭᠴᠢ ᠵᠣᠣ ᠬᠠᠢ ᠯᠢ᠂ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ | ᠳᠠᠷᠤᠭ᠎ᠠ ᠸᠠᠩ ᠵᠢᠦᠢ ᠰᠢ ᠵᠢᠴᠢ ᠬᠤᠰᠢᠭᠤᠨ ᠤ ᠰᠦᠷᠳᠡᠭᠦᠯᠦᠯ ᠢ ᠡᠰᠡᠷᠭᠦᠴᠡᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ ᠪᠠ ᠺᠠᠳ᠋ᠷ ᠠᠵᠢᠯᠲᠠᠳ ᠤᠬᠠᠭᠤᠯᠭ᠎ᠠ ᠶᠢᠨ | ᠠᠵᠢᠯᠯᠠᠭ᠎ᠠ ᠳᠤ ᠣᠷᠣᠯᠴᠠᠪᠠ᠃ |