ᠲᠠᠶᠢᠹᠤᠰᠧ ᠬᠤᠰᠢᠭᠤ ᠮᠠᠯᠵᠢᠬᠤ ᠤᠷᠤᠨ ᠳᠤ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/12/28
 12 ᠰᠠᠷ᠎ᠠ ᠶᠢᠨ 27 ᠤ ᠡᠳᠦᠷ ᠪᠣᠯ ︽ ᠰᠦᠷᠳᠡᠬᠦᠯᠦᠯ ᠤᠨ ᠦᠵᠡᠯ ᠢ ᠡᠰᠡᠷᠭᠦᠴᠡᠬᠦ ᠬᠠᠤᠯᠢ︾ ᠨᠡᠶᠢᠳᠡᠯᠡᠭᠳᠡᠭᠰᠡᠨ 8 ᠵᠢᠯ ᠤᠨ ᠣᠶ ᠪᠣᠯᠣᠨ᠎ᠠ᠂ ᠠᠷᠠᠳ ᠤᠯᠠᠨ ᠤ ᠰᠦᠷᠳᠡᠭᠦᠯᠦᠯ ᠢ ᠲᠠᠨᠢᠬᠤ᠂ ᠰᠦᠷᠳᠡᠭᠦᠯᠦᠯ ᠢ ᠰᠡᠷᠭᠡᠶᠢᠯᠡᠬᠦ᠂ ᠰᠦᠷᠳᠡᠭᠦᠯᠦᠯ ᠢ ᠡᠰᠡᠷᠭᠦᠴᠡᠬᠦ ᠤᠬᠠᠮᠰᠠᠷ ᠴᠢᠳᠠᠪᠤᠷᠢ ᠶᠢ ᠨᠡᠮᠡᠭᠳᠡᠬᠦᠯᠵᠦ᠂ ᠪᠥᠬᠦ ᠠᠷᠠᠳ ᠤᠨ ᠰᠦᠷᠳᠡᠭᠦᠯᠦᠯ ᠢ ᠡᠰᠡᠷᠭᠦᠴᠡᠬᠦ ᠦᠵᠡᠯ ᠰᠠᠨᠠᠭᠠᠨ ᠤ ᠰᠠᠭᠤᠷᠢ ᠪᠠ ᠣᠯᠠᠨ ᠲᠦᠮᠡᠨ ᠤ ᠰᠠᠭᠤᠷᠢ ᠶᠢ ᠪᠠᠲᠤ ᠴᠤᠭᠴᠠᠯᠠᠬᠤ ᠶᠢᠨ ᠲᠤᠰᠠᠳᠠ᠂  ᠲᠠᠶᠢᠹᠤᠰᠧ ᠬᠤᠰᠢᠭᠤᠨ ᠤ ᠰᠦᠷᠳᠡᠭᠦᠯᠦᠯ ᠢ ᠡᠰᠡᠷᠭᠦᠴᠡᠬᠦ ᠠᠯᠪᠠᠨ ᠭᠡᠷ ᠨᠢ  ᠪᠦᠬᠦ ᠬᠤᠰᠢᠭᠤᠨ ᠤ ︽ᠡᠪᠦᠯ ᠤᠨ ᠨᠠᠭᠠᠳᠤᠮ︾ ᠤᠨ  ᠠᠬᠤᠢ ᠲᠠᠯᠠᠪᠠᠢ ᠳᠤ ᠬᠦᠷᠴᠦ ︽ᠪᠥᠬᠦ ᠠᠷᠠᠳ ᠢᠶᠠᠷ ᠢᠶᠠᠨ ᠰᠦᠷᠳᠡᠭᠦᠯᠦᠯ ᠢ ᠡᠰᠡᠷᠭᠦᠴᠡᠵᠦ ᠠᠮᠤᠷ  ᠠᠮᠤᠭᠤᠯᠠᠩ ᠢ
ᠬᠠᠮᠲᠤ ᠪᠠᠷ ᠪᠠᠶᠢᠭᠤᠯᠬᠤ︾ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃  ᠠᠵᠢᠯᠳᠠᠳ
ᠪᠢᠴᠢᠭᠡᠰᠦ ᠡᠯᠭᠦᠬᠦ᠂ ᠰᠠᠮᠪᠠᠷ᠎ᠠ ᠪᠤᠰᠬᠠᠬᠤ  ᠂  ᠬᠠᠭᠤᠳᠠᠰᠤ ᠲᠠᠷᠬᠠᠭᠠᠬᠤ᠂  ᠵᠢᠭᠠᠵᠤ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠰᠦᠷᠳᠡᠭᠦᠯᠦᠯ ᠢ ᠡᠰᠡᠷᠬᠦᠴᠡᠬᠦ ᠠᠷᠭ᠎ᠠ ᠶᠢ ᠤᠬᠠᠭᠤᠯᠤᠨ ᠲᠦᠭᠡᠮᠡᠯᠵᠢᠭᠦᠯᠵᠦ᠂  ᠪᠦᠬᠦ ᠠᠷᠠᠳ ᠢᠶᠠᠷ ᠢᠶᠠᠨ ᠰᠦᠷᠳᠡᠭᠦᠯᠦᠯ ᠢ ᠡᠰᠡᠷᠭᠦᠴᠡᠬᠦ᠂ ᠬᠥᠮᠥᠨ ᠪᠦᠬᠦᠨ ᠡᠬᠦᠷᠭᠡ ᠬᠠᠷᠢᠭᠤᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃
ᠡᠨᠡ ᠤᠳᠠᠭᠠᠨ ᠤ ᠠᠵᠢᠯᠯᠠᠭ᠎ᠠ ᠳᠤ ᠨᠡᠶᠢᠲᠡ 600 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 800 ᠭᠠᠷᠤᠢ ᠬᠥᠮᠥᠨ ᠳᠤ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠬᠦᠷᠳᠡᠭᠡᠭᠡᠳ᠂ ᠤᠯᠠᠨ ᠲᠦᠮᠡᠨ ᠤ ᠰᠦᠷᠳᠡᠭᠦᠯᠦᠯ ᠢ  ᠡᠰᠡᠷᠬᠦᠴᠡᠵᠦ ᠬᠦᠴᠦᠷᠬᠡᠭᠯᠡᠯ ᠢ ᠰᠡᠷᠭᠡᠶᠢᠯᠡᠬᠦ ᠤᠬᠠᠮᠰᠠᠷ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠠᠮᠤᠷ ᠲᠣᠭᠲᠠᠭᠤᠨ ᠶᠢ ᠬᠠᠮᠠᠭᠠᠯᠠᠬᠤ ᠳᠤ ᠰᠠᠭᠤᠷᠢ ᠪᠠᠳᠤ ᠰᠠᠭᠤᠷᠢ ᠶᠢ ᠲᠠᠯᠪᠢᠵᠠᠢ᠃  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ  ᠂ ᠬᠤᠰᠢᠭᠤ ᠨᠠᠮ ᠤᠨ ᠬᠤᠷᠢᠶᠠᠨ  ᠤ ᠠᠯᠪᠠᠨ ᠭᠡᠷ ᠤᠨ ᠡᠷᠬᠢᠯᠡᠭᠴᠢ ᠵᠣᠣ ᠬᠠᠢ ᠯᠢ᠂  ᠳᠡᠳ᠋  ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠳᠠᠷᠤᠭ᠎ᠠ ᠸᠠᠩ ᠵᠢᠦᠢ ᠰᠢ ᠵᠢᠴᠢ ᠬᠤᠰᠢᠭᠤᠨ ᠤ ᠰᠦᠷᠳᠡᠭᠦᠯᠦᠯ ᠢ ᠡᠰᠡᠷᠭᠦᠴᠡᠬᠦ  ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ ᠪᠠ ᠺᠠᠳ᠋ᠷ ᠠᠵᠢᠯᠲᠠᠳ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号