ᠲᠠᠶᠢᠹᠤᠰᠧ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠰᠢᠨ᠎ᠡ ᠤᠨ ᠢᠶᠠᠨ ᠤᠭᠳᠤᠬᠤ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠭᠠᠷᠭᠠᠯ᠎ᠠ
ᠨᠡᠶᠢᠲᠡᠯᠡᠭᠰᠡᠨ ᠴᠠᠭ᠄
2023/12/28
  ᠰᠢᠨ᠎ᠡ ᠤᠨ ᠢᠶᠠᠨ  ᠤᠭᠳᠤᠬᠤ ᠲᠠᠰᠢᠷᠠᠮ ᠳᠤ᠂ ᠲᠠᠶᠢᠹᠤᠰᠧ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ  ᠨᠢ ︽ᠰᠢᠨ᠎ᠡ ᠵᠢᠯ ᠤᠨ ᠰᠢᠨ᠎ᠡ ᠶᠢᠨ ᠨᠢᠭᠡᠨ ᠢ ᠪᠡᠯᠭᠡᠯᠡᠵᠦ᠂ ᠴᠠᠭᠠᠨ ᠰᠠᠷ᠎ᠠ ᠶᠢ ᠤᠭᠲᠤᠶ᠎ᠠ︾ ᠭᠡᠬᠦ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠡᠷᠭᠢᠯᠡᠪᠡ᠃
ᠲᠣᠭᠯᠠᠯᠲᠠ ᠨᠢ ︽ ᠴᠡᠴᠡᠭᠯᠡᠨ ᠬᠦᠭᠵᠢᠭᠰᠡᠨ ᠳᠤᠮᠳᠠᠳᠤ ᠤᠯᠤᠰ  ︾  ᠬᠡᠮᠡᠬᠦ ᠤᠷᠠᠨ ᠪᠦᠵᠢᠭ ᠢᠶᠠᠷ ᠬᠦᠰᠢᠭᠡ ᠰᠡᠬᠦᠭᠡᠳ᠂ ᠨᠠᠰᠤᠲᠠᠶᠢᠴᠤᠳ ᠤᠨ ᠶᠡᠭᠡ ᠰᠤᠷᠭᠠᠭᠤᠯᠢ  ᠶᠢᠨ ᠰᠤᠷᠤᠭᠴᠢᠳ ᠠᠴᠠ ᠨᠠᠶᠢᠷᠠᠯ ᠳᠠᠭᠤᠤ ︽ᠡᠬᠡ ᠤᠷᠤᠨ ᠤ ᠮᠠᠭᠲᠠᠭᠠᠯ︾᠂   ᠬᠤᠣᠰᠯᠠᠯ ᠳᠠᠭᠤᠤ ︽ᠮᠠᠤ  ᠽᠧ ᠳ᠋ᠦᠩ ᠤᠨ ᠳᠠᠭᠤᠯᠠᠯ  ︾ ᠵᠡᠷᠭᠡ ᠤᠷᠠᠨ ᠰᠠᠶᠢᠬᠠᠨ ᠤ ᠲᠤᠭᠯᠠᠯᠳᠠ ᠪᠠᠷ ᠢᠶᠠᠨ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠶᠢ ᠮᠠᠭᠲᠠᠨ ᠲᠠᠭᠤᠯᠠᠵᠤ  ᠂ ᠨᠠᠮ ᠪᠠ ᠡᠬᠡ ᠤᠯᠤᠰ ᠲᠠᠭᠠᠨ  ᠭᠦᠨ ᠵᠤᠵᠠᠭᠠᠨ ᠴᠢᠩ ᠦᠨᠡᠨᠴᠢ ᠬᠠᠶᠢᠷ᠎ᠠ ᠰᠡᠳᠬᠢᠯᠭᠡ ᠲᠠᠢ ᠪᠠᠶᠢᠬᠤ ᠪᠠᠨ ᠢᠯᠡᠳᠬᠡᠵᠡᠢ᠃  
ᠬᠠᠷᠢᠭᠤ ᠮᠡᠳᠡᠭᠦᠯᠦᠯᠲᠡ ᠶᠢᠨ ᠲᠣᠭᠯᠠᠯᠲᠠ ᠨᠢ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠬᠠᠷᠠᠭᠤᠯᠵᠤ᠂  ᠨᠠᠰᠤᠲᠠᠶᠢᠴᠤᠳ ᠤᠨ ᠴᠠᠭ ᠦᠶ᠎ᠡ   ᠶᠢᠨ ᠴᠤᠭ ᠵᠢᠪᠬᠤᠭ᠎ᠠ ᠪᠠ ᠣᠶᠤᠨ ᠰᠠᠨᠠᠭᠠᠨ ᠤ ᠳᠦᠷᠰᠦ ᠪᠠᠶᠢᠳᠠᠯ   ᠢ ᠢᠯᠡᠷᠡᠬᠦᠯᠦᠨ  ᠂ ᠨᠠᠰᠤᠲᠠᠶᠢᠴᠤᠳ ᠤᠨ ᠨᠠᠮ ᠪᠠ ᠤᠯᠤᠰ ᠣᠷᠣᠨ ᠢᠶᠠᠨ ᠬᠠᠶᠢᠷᠠᠯᠠᠬᠤ ᠬᠠᠯᠠᠭᠤᠨ ᠰᠡᠳᠬᠢᠯ ᠪᠠ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠢᠯᠡᠳᠬᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号