ᠲᠠᠶᠢᠹᠤᠰᠧ ᠬᠤᠰᠢᠭᠤ ᠤᠳᠤᠷᠢᠳᠬᠤ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2023/12/29
  12 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠲᠠᠶᠢᠹᠤᠰᠧ ᠬᠤᠰᠢᠭᠤᠨ ᠤ ᠬᠢᠨ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ ᠦᠨᠡᠨᠴᠢ ᠰᠢᠳᠤᠷᠭᠤ ᠶᠢᠨ ᠬᠥᠮᠦᠵᠢᠯ ᠵᠢᠴᠢ ᠬᠡᠪ ᠴᠢᠨᠠᠷ ᠪᠠ ᠬᠢᠷᠢ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷ  400 ᠭᠠᠷᠤᠢ ᠬᠦᠮᠦᠨ ᠪᠣᠯᠪᠠᠰᠤᠷᠠᠯ ᠳᠤ ᠣᠷᠣᠯᠴᠠᠵᠠᠢ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠪᠤᠯᠪᠠᠰᠤᠷᠠᠯ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠬᠤ ᠳᠠᠭᠠᠨ᠂ ᠪᠦᠭᠦ ᠬᠤᠰᠢᠭᠤᠨ ᠤ ᠤᠳᠤᠷᠢᠳᠬᠤ ᠺᠠᠳ᠋ᠷᠴᠤᠳ ᠡᠷᠭᠡᠪᠰᠢ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠵᠥᠪ ᠣᠨᠣᠪᠴᠢᠲᠠᠶ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠤᠯᠭᠠᠨ᠂ ᠰᠠᠬᠢᠯᠭ᠎ᠠ ᠪᠠᠲᠤ ᠶᠢᠨ ᠤᠬᠠᠮᠰᠠᠷ᠂ ᠬᠠᠤᠯᠢ ᠴᠠᠭᠠᠵᠠ ᠶᠢᠨ ᠤᠬᠠᠮᠰᠠᠷ ᠢᠶᠠᠨ   ᠴᠢᠩᠭᠠᠳᠬᠠᠬᠤ ᠭᠡᠷᠡᠭᠳᠡᠢ᠃ ᠲᠤᠰᠬᠠᠢ ᠮᠡᠷᠭᠡᠵᠢᠯ ᠤᠨ ᠰᠤᠷᠤᠯᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠨ᠂ ᠥᠪᠡᠷ ᠤᠨ ᠬᠢᠷᠢ ᠴᠢᠳᠠᠪᠤᠷᠢ ᠪᠠᠨ ᠳᠡᠭᠡᠭᠰᠢᠯᠡᠭᠦᠯᠵᠦ᠂  ︽ᠲᠠᠪᠤᠨ ᠶᠡᠭᠡ ᠡᠭᠦᠷᠭᠡ ︾ ᠶᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ ᠪᠣᠯᠪᠠᠰᠤᠷᠠᠯ ᠨᠢ ᠰᠢ ᠶᠢᠨ ᠫᠢᠩ   ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ᠂ ᠰᠢ ᠶᠢᠨ ᠫᠢᠩ   ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠠᠵᠢᠯ ᠢ ᠢᠯᠡ ᠪᠣᠯᠭᠠᠬᠤ᠂ ᠨᠢᠭᠤᠴᠠ ᠶᠢ ᠬᠠᠮᠠᠭᠠᠯᠠᠬᠤ᠂ ᠲᠤᠭ᠎ᠠ ᠪᠦᠷᠢᠳᠬᠡᠯ᠂ ︽ᠵᠠᠰᠠᠭ ᠵᠠᠬᠢᠷᠭᠠᠨ ᠤ  ᠲᠠᠬᠢᠨ ᠵᠦᠪᠯᠡᠬᠦ ᠬᠠᠤᠯᠢ︾ ᠵᠡᠷᠭᠡ ᠪᠠᠷ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠠᠶᠢᠮᠠᠭ ᠬᠤᠰᠢᠭᠤ ᠬᠤᠶᠠᠷ ᠱᠠᠲᠤᠨ ᠤ ᠤᠳᠤᠷᠢᠳᠬᠤ ᠺᠠᠳ᠋ᠷ ᠪᠣᠯᠣᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠤᠷᠢᠵᠤ ᠲᠤᠰᠬᠠᠢ  ᠰᠡᠳᠦᠪᠳᠦ  ᠬᠢᠴᠢᠶᠡᠯ ᠲᠠᠶᠢᠯᠤᠮᠵᠢ ᠬᠢᠯᠭᠡᠭᠰᠡᠨ ᠪᠠᠶᠢᠨ᠎ᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂  ᠰᠤᠷᠤᠯᠴᠠᠭᠰᠠᠨ ᠠᠭᠤᠯᠭ᠎ᠠ ᠶᠢᠨ ᠲᠣᠭᠤᠷᠢᠨ ᠳᠤ ᠣᠨᠣᠯ ᠤᠨ ᠰᠢᠯᠭᠠᠯᠲᠠ ᠬᠢᠵᠦ᠂ ᠰᠤᠷᠤᠭᠴᠢᠳ ᠤᠨ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂  ᠰᠤᠷᠤᠯᠴᠠᠯᠭ᠎ᠠ   ᠶᠢᠨ ᠦᠷ᠎ᠡ ᠠᠮᠵᠢᠯᠳᠠ ᠳᠤ ᠦᠨᠡᠨᠬᠦ  ᠬᠦᠷᠬᠦ  ᠶᠢ  ᠪᠠᠲᠤᠯᠠᠪᠠ᠃ ᠡᠨᠡ  ᠤᠳᠠᠭᠠᠨ ᠤ  ᠪᠣᠯᠪᠠᠰᠤᠷᠠᠯ ᠢᠶᠠᠷ ᠲᠠᠮᠵᠢᠭᠠᠳ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠤᠨᠤᠯ ᠤᠨ ᠲᠦᠪᠰᠢᠨ ᠪᠠ ᠲᠤᠰᠬᠠᠢ ᠮᠡᠷᠭᠡᠵᠢᠯ ᠤᠨ ᠮᠡᠳᠡᠯᠭᠡ ᠶᠢ ᠤᠯᠠᠮ  ᠪᠠᠶᠠᠯᠢᠭᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠢᠷᠢ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠬᠢᠷᠢ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠢᠷᠢ ᠴᠢᠳᠠᠪᠤᠷᠢ ᠶᠢ ᠨᠢ ᠳᠡᠭᠡᠭᠰᠢᠯᠡᠭᠦᠯᠵᠦ᠂ ᠰᠤᠷᠤᠯᠴᠠᠯᠭ᠎ᠠ ᠪᠠᠷ ᠰᠤᠷᠲᠠᠯ ᠢ  ᠴᠡᠭᠴᠡᠯᠡᠬᠦ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠵᠣᠷᠢᠯᠭ᠎ᠠ ᠳᠠᠭᠠᠨ ᠬᠦᠷᠴᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号