ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ
ᠨᠡᠶᠢᠲᠡᠯᠡᠭᠰᠡᠨ ᠴᠠᠭ᠄
2023/12/29
  ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠰᠢᠯᠵᠢᠯᠲᠡ ᠶᠢᠨ ᠬᠤᠭᠤᠴᠠᠭᠠᠨ ᠳᠤ ︵2021 ︱ 2025 ᠣᠨ︶ ᠦᠷᠭᠦᠯᠵᠢᠯᠡᠨ ᠪᠠᠷᠢᠮᠲᠠᠯᠠᠵᠤ᠂ ᠶᠠᠳᠠᠭᠤ   ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ ᠬᠡᠮᠵᠢᠬᠦ ᠬᠥᠮᠥᠨ ᠠᠮᠠ ᠶᠢᠨ ᠦᠢᠯᠡᠳᠪᠦᠷᠢᠯᠡᠯ ᠢᠶᠠᠨ ᠬᠥᠭᠵᠢᠭᠦᠯᠵᠦ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠶᠢ ᠳᠡᠮᠵᠢᠨ᠎ᠡ᠃ ᠭᠤᠣᠯᠳᠠᠭᠤ ᠶᠠᠳᠠᠭᠤ   ᠠᠴᠠ ᠠᠩᠭᠢᠵᠢᠷᠠᠭᠰᠠᠨ ᠡᠷᠦᠬᠡ ︵ᠲᠥᠷᠥ ᠶᠢᠨ ᠪᠣᠳᠣᠯᠭ᠎ᠠ ᠶᠢ  ᠬᠦᠷᠳᠡᠵᠦ ᠪᠠᠶᠢᠭ᠎ᠠ︶᠂ ᠬᠢᠨᠠᠨ ᠭᠡᠮᠵᠢᠬᠦ ᠡᠷᠦᠬᠡ ᠳᠤ 5 ᠲᠦᠮᠡᠨ ᠲᠥᠭᠦᠷᠢᠭ ᠠᠴᠠ ᠳᠣᠷᠣᠭᠰᠢ᠂ 3 ᠵᠢᠯ ᠤᠨ ᠬᠤᠭᠤᠴᠠᠭ᠎ᠠ ᠪᠦᠬᠦᠢ᠂ ᠳᠠᠭᠠᠭᠠᠯᠲᠠ ᠬᠢᠬᠦ ᠦᠬᠡᠢ ᠪᠠᠷᠢᠴᠠᠭ᠎ᠠ ᠠᠪᠬᠤ ᠦᠬᠡᠢ ᠡᠳ᠋ ᠤᠨ ᠵᠠᠰᠠᠭ ᠤᠨ ᠳᠠᠮ ᠬᠦᠦ ᠲᠠᠢ ᠢᠲᠡᠭᠡᠮᠵᠢᠲᠦ ᠵᠢᠭᠡᠯᠡᠯᠭᠡ ᠬᠠᠩᠭᠠᠨ᠎ᠠ᠃     ᠳᠡᠮᠵᠢᠬᠦ ᠨᠢᠭᠤᠷᠯᠠᠯ᠄ ᠶᠠᠳᠠᠭᠤ ᠠᠴᠠ ᠠᠩᠬᠢᠵᠢᠷᠠᠭᠰᠠᠨ ᠡᠷᠦᠬᠡ ︵ᠲᠥᠷᠥ ᠶᠢᠨ ᠪᠣᠳᠣᠯᠭ᠎ᠠ  ᠬᠦᠷᠳᠡᠵᠦ ᠪᠠᠶᠢᠭ᠎ᠠ︶  ᠂ ᠲᠦᠭᠰᠢᠭᠦᠷᠢ ᠠᠴᠠ ᠭᠠᠷᠤᠭᠠᠳᠤᠢ ᠬᠢᠨᠠᠨ ᠬᠡᠮᠵᠢᠬᠦ ᠡᠷᠦᠬᠡ  ᠃    ᠡᠷᠡᠮᠡᠯᠵᠡᠯᠡᠬᠦ ᠨᠥᠬᠦᠴᠡᠯ᠄ ᠵᠢᠭᠡᠯᠡᠯᠭᠡ ᠡᠷᠡᠮᠡᠯᠵᠡᠯᠡᠭᠴᠢ ᠨᠢ ᠵᠢᠭᠡᠯᠡᠯᠭᠡ ᠠᠪᠬᠤ ᠬᠦᠰᠡᠯ ᠲᠠᠢ ᠪᠥᠭᠡᠳ ᠲᠣᠬᠢᠷᠠᠮᠵᠢᠲᠠᠢ ᠠᠵᠤ ᠦᠢᠯᠡᠰ ᠢᠶᠠᠨ ᠬᠦᠭᠵᠢᠬᠦᠯᠬᠦ ᠲᠥᠷᠥᠯ ᠵᠦᠢᠯ ᠢ ᠰᠣᠩᠭᠤᠵᠤ᠂ ᠡᠵᠡᠩᠨᠡᠯᠲᠡ ᠶᠢᠨ ᠨᠥᠬᠦᠴᠡᠯ  ᠲᠠᠢ᠂ ᠵᠢᠭᠡᠯᠡᠯᠭᠡ ᠪᠠᠨ ᠪᠤᠴᠠᠭᠠᠬᠤ ᠴᠢᠳᠠᠯ ᠲᠠᠢ᠂ ᠬᠠᠤᠯᠢ ᠲᠦᠷᠢᠮ ᠢ ᠰᠠᠬᠢᠳᠠᠭ᠂ ᠦᠨᠡᠨᠴᠢ ᠢᠲᠡᠭᠡᠮᠵᠢᠲᠡᠢ᠂  ᠵᠤᠷᠢᠭᠤᠳᠠ ᠥᠷᠢᠲᠦᠭᠰᠡᠨ ᠦᠶᠯᠡ ᠠᠵᠢᠯᠯᠠᠭ᠎ᠠ ᠪᠠ ᠲᠡᠮᠳᠡᠭᠯᠡᠯ ᠦᠬᠡᠢ᠂ ᠮᠠᠭᠤ ᠮᠠᠭᠤᠬᠠᠢ ᠲᠤᠷ᠎ᠠ ᠰᠤᠨᠢᠷᠬᠠᠯ ᠦᠭᠡᠢ ᠂  ᠪᠦᠬᠦᠯᠢ 18 ᠨᠠᠰᠤᠨ ᠠᠴᠠ ᠪᠦᠬᠦᠯᠢ 65 ᠨᠠᠰᠤᠨ ᠤ ᠬᠤᠭᠤᠷᠤᠨᠳᠤᠬᠢ ᠬᠦᠮᠦᠰ  ᠃    ᠡᠷᠡᠮᠡᠯᠵᠡᠯᠡᠬᠦ ᠶᠠᠪᠤᠴᠠ᠄ ︽ᠠᠶᠢᠯ ᠡᠷᠦᠬᠡ ᠠᠴᠠ ᠡᠷᠡᠮᠡᠯᠵᠡᠯᠡᠯ ᠲᠡᠪᠰᠢᠬᠦᠯᠬᠦ  ᠂  ᠭᠠᠴᠠᠭ᠎ᠠ ᠲᠣᠰᠬᠤᠨ ᠠᠴᠠ ᠠᠩᠬᠠᠨ ᠤ ᠬᠢᠨᠠᠯᠲᠠ ᠬᠢᠬᠦ᠂ ᠰᠤᠮᠤ ᠰᠢᠶᠠᠩ ᠪᠠᠯᠭᠠᠰᠤ ᠠᠴᠠ ᠬᠢᠨᠠᠨ ᠬᠠᠷᠭᠤᠭᠤᠯᠬᠤ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ  ᠠᠴᠠ ᠲᠠᠬᠢᠨᠳᠠ ᠬᠢᠨᠠᠨ ᠬᠠᠷᠭᠤᠭᠤᠯᠵᠤ ᠲᠠᠨᠢᠯᠴᠠᠭᠤᠯᠬᠤ᠂ ᠪᠠᠩᠬᠢ ᠠᠴᠠ ᠬᠢᠨᠠᠨ ᠲᠣᠭᠲᠠᠭᠠᠵᠤ ᠵᠢᠭᠡᠯᠡᠯᠭᠡ ᠲᠠᠯᠪᠢᠬᠤ  ︾ ᠲᠠᠪᠤᠨ ᠠᠯᠬᠤᠮ ᠢ ᠪᠠᠷᠢᠮᠳᠠᠯᠠᠨ᠎ᠠ᠃     ᠵᠢᠭᠡᠯᠡᠯᠭᠡ ᠶᠢᠨ ᠲᠤᠭ᠎ᠠ ᠬᠡᠮᠵᠢᠶ᠎ᠡ᠂  ᠴᠠᠭ ᠬᠤᠭᠤᠴᠠᠭ᠎ᠠ  ᠪᠠ ᠬᠦᠦ ᠮᠦᠩᠬᠦ᠄  ᠵᠢᠭᠡᠯᠡᠯᠭᠡ ᠶᠢᠨ ᠬᠡᠮᠵᠢᠶ᠎ᠡ ᠨᠢ ᠵᠠᠷᠴᠢᠮ ᠳᠡᠭᠡᠷ᠎ᠡ ᠪᠠᠨ 5 ᠲᠦᠮᠡᠨ ᠲᠥᠭᠦᠷᠢᠭ ︵ᠪᠠᠭᠲᠠᠨ᠎ᠠ︶   ᠠᠴᠠ ᠳᠣᠷᠣᠭᠰᠢ  ᠃ ᠵᠠᠷᠢᠮ  ᠤᠨᠴᠠ ᠬᠡᠷᠡᠭᠴᠡᠭᠡ ᠲᠠᠢ ᠮᠥᠷᠲᠡᠭᠡᠨ ᠵᠣᠭᠤᠰ ᠪᠤᠴᠠᠭᠠᠬᠤ ᠴᠢᠳᠠᠪᠤᠷᠢ ᠲᠠᠢ ᠬᠦᠮᠦᠨ ᠳᠤ ᠪᠤᠯ ᠬᠠᠮᠤᠭ ᠤᠨ ᠶᠡᠭᠡ ᠳᠡᠭᠡᠨ 10 ᠲᠦᠮᠡᠨ ᠲᠥᠭᠦᠷᠢᠭ  ᠤᠨ ᠵᠢᠭᠡᠯᠡᠯᠭᠡ ᠤᠯᠭᠤᠵᠤ ᠪᠤᠯᠤᠨ᠎ᠠ᠃ ᠵᠢᠭᠡᠯᠡᠯᠭᠡ ᠶᠢᠨ ᠬᠤᠭᠤᠴᠠᠭ᠎ᠠ ᠨᠢ 3 ᠵᠢᠯ  ᠂ LPR ᠬᠦᠦ  ᠨᠣᠷᠮ᠎ᠠ ᠶᠢ ᠬᠡᠷᠡᠭᠵᠢᠭᠦᠯᠦᠨ᠎ᠡ᠃ 5 ᠲᠦᠮᠡᠨ ᠲᠥᠭᠦᠷᠢᠭ ᠠᠴᠠ ᠳᠣᠷᠣᠭᠰᠢ ︵5 ᠲᠦᠮᠡᠨ ᠲᠥᠭᠦᠷᠢᠭ ᠪᠠᠭᠲᠠᠨ᠎ᠠ︶  ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ  ᠪᠤᠯ ᠡᠳ᠋ ᠤᠨ ᠵᠠᠰᠠᠭ ᠠᠴᠠ ᠪᠦᠬᠦ  ᠬᠦᠦ  ᠮᠦᠩᠬᠦ ᠶᠢ ᠨᠦᠬᠦᠷᠢᠯᠡᠵᠦ ᠦᠭᠬᠦᠨ᠎ᠡ᠂ 5 ᠲᠦᠮᠡᠨ ᠲᠥᠭᠦᠷᠢᠭ ᠠᠴᠠ ᠳᠡᠭᠡᠭᠰᠢᠬᠢ ᠵᠢᠭᠡᠯᠡᠯᠭᠡ ᠳᠤ  ᠬᠦᠦ ᠮᠦᠩᠬᠦ ᠶᠢ ᠨᠦᠬᠦᠪᠦᠷᠢᠯᠡᠬᠦ ᠦᠭᠡᠢ᠂ LPR ᠬᠦᠦ  ᠨᠣᠷᠮ᠎ᠠ ᠶᠢ  ᠭᠡᠷᠡᠭᠵᠢᠬᠦᠯᠦᠨ᠎ᠡ᠃     ᠵᠢᠭᠡᠯᠡᠯᠭᠡ ᠶᠢᠨ ᠬᠡᠷᠡᠭᠴᠡᠭᠡ᠄  ᠪᠠᠭ᠎ᠠ ᠲᠣᠭᠠᠨ ᠤ ᠢᠳᠡᠭᠡᠮᠵᠢᠳᠦ ᠵᠢᠭᠡᠯᠡᠯᠭᠡ ᠶᠢ ᠡᠷᠤᠭᠡ ᠪᠠᠷ ᠵᠢᠬᠡᠯᠡᠬᠦ᠂ ᠡᠷᠤᠭᠡ ᠳᠤ ᠬᠡᠷᠡᠭᠯᠡᠬᠦ᠂ ᠡᠷᠤᠭᠡ ᠠᠴᠠ ᠪᠤᠴᠠᠭᠠᠬᠤ ᠶᠢ ᠪᠠᠷᠢᠮᠲᠠᠯᠠᠵᠤ᠂ ᠠᠵᠤ ᠦᠢᠯᠡᠰ ᠢ ᠬᠥᠭᠵᠢᠭᠦᠯᠵᠦ ᠠᠰᠢᠭ ᠣᠷᠣᠯᠭ᠎ᠠ ᠶᠢ ᠨᠡᠮᠡᠭᠳᠡᠭᠦᠯᠬᠦ ᠳᠤ ᠬᠡᠷᠡᠭᠯᠡᠨ᠎ᠡ᠃  ᠬᠠᠷᠢᠨ  ᠤᠷᠤᠭ ᠬᠤᠷᠢᠮ᠂ ᠭᠡᠷ  ᠪᠠᠷᠢᠯᠭ᠎ᠠ᠂ ᠡᠳ᠋ ᠤᠨ ᠶᠠᠪᠤᠳᠠᠯ  ᠤᠨ ᠡᠷᠬᠢᠯᠳᠦᠯ  ᠂  ᠢᠳᠡᠯᠭᠡ ᠤᠤᠭᠤᠯᠭ᠎ᠠ᠂ ᠥᠷᠢ ᠦᠭᠴᠡᠭᠡ  ᠵᠢᠴᠢ ᠭᠡᠷ ᠪᠦᠯᠢ ᠶᠢᠨ ᠡᠳ᠋ᠯᠡᠯ ᠬᠡᠷᠡᠭᠰᠡᠯ ᠬᠤᠳᠠᠯᠳᠤᠨ ᠠᠪᠬᠤ ᠵᠡᠷᠭᠡ   ᠪᠤᠰᠤᠳ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ ᠪᠥᠭᠡᠳ ᠬᠤᠪᠢ ᠣᠷᠣᠵᠤ ᠠᠰᠢᠭ ᠬᠤᠪᠢᠶᠠᠬᠤ᠂ ᠰᠢᠯᠵᠢᠭᠦᠯᠦᠨ ᠵᠢᠭᠡᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ  ᠬᠡᠷᠡᠭᠯᠡᠭᠦᠯᠵᠦ ᠪᠣᠯᠬᠤ ᠦᠭᠡᠢ᠃     ᠵᠢᠭᠡᠯᠯᠡᠭᠡ ᠶᠢᠨ ᠬᠤᠭᠤᠴᠠᠭ᠎ᠠ ᠶᠢ ᠤᠷᠲᠤᠳᠬᠠᠬᠤ᠄ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠦᠷᠭᠦᠯᠵᠢᠯᠡᠨ ᠵᠢᠭᠡᠯᠡᠭᠦᠯᠬᠦ ᠪᠤᠶᠤ ᠬᠤᠭᠤᠴᠠᠭ᠎ᠠ ᠶᠢ ᠨᠢ ᠨᠢᠭᠡ ᠤᠳᠠᠭ᠎ᠠ ᠤᠷᠲᠤᠳᠬᠠᠵᠤ ᠪᠣᠯᠣᠨ᠎ᠠ᠂ ᠦᠷᠭᠦᠯᠵᠢᠯᠡᠨ ᠵᠢᠭᠡᠯᠡᠭᠦᠯᠬᠦ ᠪᠤᠶᠤ ᠬᠤᠭᠤᠴᠠᠭ᠎ᠠ ᠶᠢ ᠨᠢ ᠤᠷᠲᠤᠳᠬᠠᠬᠤ ᠬᠤᠭᠤᠴᠠᠭᠠᠨ ᠳᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠤᠪᠢᠷᠠᠭᠤᠯᠬᠤ ᠦᠭᠡᠢ  ᠂ ᠵᠢᠭᠡᠯᠡᠯᠭᠡ ᠪᠠᠨ ᠨᠢᠭᠡᠨᠲᠡ ᠪᠤᠴᠠᠭᠠᠭᠰᠠᠨ ᠪᠥᠭᠡᠳ ᠵᠢᠭᠡᠯᠡᠯᠭᠡ ᠶᠢᠨ ᠨᠥᠬᠦᠴᠡᠯ ᠳᠤ ᠨᠡᠶᠢᠴᠡᠭᠰᠡᠳ ᠨᠢ ᠣᠯᠠᠨ ᠤᠳᠠᠭ᠎ᠠ ᠵᠢᠭᠡᠯᠡᠯᠭᠡ ᠭᠤᠶᠤᠴᠢᠯᠠᠵᠤ ᠪᠣᠯᠣᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号