12 ᠰᠠᠷ᠎ᠠ ᠶᠢᠨ 28 ᠤ ᠡᠳᠦᠷ ᠂ ᠬᠦᠨᠪᠤᠯᠠᠭ ᠰᠤᠮᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠠᠮᠵᠢᠯᠳᠠ ᠲᠠᠢ ᠬᠤᠷᠠᠯᠳᠤᠪᠠ᠃᠂ | ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 47 ᠬᠥᠮᠥᠨ᠂ ᠪᠣᠳᠠᠲᠠᠢ ᠣᠷᠣᠯᠴᠠᠭᠰᠠᠨ ᠨᠢ 38 ᠬᠥᠮᠥᠨ | ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠵᠡᠢ᠃ ᠪᠦᠬᠦ ᠲᠥᠯᠥᠭᠡᠯᠡᠭᠴᠢᠳ ᠪᠣᠯᠣᠨ | ᠬᠤᠷᠠᠯ ᠳᠤ ᠣᠷᠣᠯᠴᠠᠭᠰᠠᠳ ᠤᠨ ᠬᠠᠮᠲᠤ ᠶᠢᠨ ᠴᠢᠷᠮᠠᠶᠢᠯᠭ᠎ᠠ ᠪᠠᠷ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ | ᠠᠮᠵᠢᠯᠲᠠ ᠲᠠᠢ ᠪᠡᠶᠡᠯᠡᠬᠦᠯᠦᠭᠰᠡᠨ ᠪᠠᠶᠢᠨ᠎ᠠ᠃ ᠬᠤᠷᠠᠯ ᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ ᠼᠠᠢ | ᠸᠧᠨ ᠰᠢᠦᠢ ᠡᠷᠬᠢᠯᠡᠵᠦ᠂ ᠨᠠᠮ ᠤᠨ ᠬᠤᠷᠢᠶᠠᠨ ᠤ ᠳᠡᠳ᠋ ᠱᠦᠵᠢ ᠰᠤᠮᠤᠨ ᠳᠠᠷᠤᠭ᠎ᠠ ᠭᠦᠸᠧ ᠰᠢᠶᠣᠣ ᠮᠧᠩ | ᠬᠤᠷᠠᠯ ᠡᠬᠢᠯᠡᠬᠦ ᠦᠭᠡ ᠬᠡᠯᠡᠪᠡ᠃ ᠬᠤᠷᠠᠯ ᠠᠴᠠ ︽ ᠬᠦᠨᠪᠤᠯᠠᠭ ᠰᠤᠮᠤᠨ ᠤ ᠠᠷᠠᠳ ᠤᠨ ᠵᠠᠰᠠᠭ ᠤᠨ ᠣᠷᠳᠣᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠰᠬᠠᠢ ᠮᠡᠳᠡᠭᠦᠯᠦᠯᠲᠡ︾ ᠪᠠ ︽ᠬᠦᠨᠪᠤᠯᠠᠭ | ᠰᠤᠮᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠪᠣᠯᠣᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠠᠵᠢᠯ ᠤᠨ ᠲᠤᠰᠬᠠᠢ ᠮᠡᠳᠡᠭᠦᠯᠦᠯᠲᠡ︾ | ᠶᠢ ᠰᠣᠨᠣᠰᠴᠤ ᠬᠢᠨᠠᠨ ᠵᠦᠪᠯᠡᠭᠰᠡᠨ ᠪᠦᠭᠡᠳ ᠥᠪᠥᠷ ᠮᠣᠩᠭᠤᠯ ᠤᠨ ᠵᠤ᠋ ᠶᠢᠤ ᠪᠠᠷᠢᠯᠭ᠎ᠠ ᠶᠢᠨ ᠵᠢᠷᠤᠭ | ᠲᠥᠯᠥᠪᠯᠡᠭᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠵᠢᠯᠳᠠᠨ ᠠᠴᠠ ᠲᠥᠯᠥᠭᠡᠯᠡᠭᠴᠢᠳ ᠲᠤ ︽ | ᠬᠦᠨᠪᠤᠯᠠᠭ ᠰᠤᠮᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ︵2021 ︱ | 2035 ᠣᠨ︶︾ ᠳᠤ ᠨᠠᠷᠢᠨ ᠲᠠᠶᠢᠯᠤᠮᠵᠢ ᠬᠢᠵᠡᠢ᠃ ᠶᠡᠭᠡ ᠬᠤᠷᠠᠯ ᠠᠴᠠ ᠠᠷᠠᠳᠴᠢᠯᠠᠭᠰᠠᠨ ᠰᠣᠩᠭᠤᠭᠤᠯᠢ ᠶᠢᠨ | ᠠᠷᠭ᠎ᠠ ᠪᠠᠷ ᠪᠦᠬᠡᠪᠠᠭᠠᠳᠤᠷ ᠨᠥᠬᠦᠷ ᠢ ᠳᠡᠳ᠋ ᠰᠤᠮᠤᠨ ᠳᠠᠷᠤᠭ᠎ᠠ ᠪᠠᠷ ᠰᠣᠩᠭᠤᠪᠠ᠃ ᠰᠤᠮᠤᠨ ᠤ ᠨᠠᠮ ᠤᠨ | ᠬᠤᠷᠢᠶᠠᠨ ᠤ ᠱᠦᠵᠢ ᠤᠷᠬᠢᠯ ᠳ᠋ᠦᠩᠨᠡᠯᠲᠡ ᠶᠢᠨ ᠶᠠᠷᠢᠶᠠᠨ ᠳᠠᠭᠠᠨ᠂ ᠪᠥᠬᠦ ᠰᠤᠮᠤ ᠪᠠᠷ ᠢᠶᠠᠨ ᠡᠨᠡ ᠤᠳᠠᠭᠠᠨ ᠤ | ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠲᠦᠷᠦᠯ ᠤᠨ ᠬᠠᠷᠠᠯᠲᠠ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ | ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ | ᠥᠨᠳᠥᠷ ᠮᠠᠨᠳᠤᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠲᠠᠪᠤᠨ ᠶᠡᠭᠡ ᠡᠭᠦᠷᠭᠡ︾ ᠪᠣᠯᠣᠨ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠦᠨᠡᠨᠬᠦ | ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠡᠷᠭᠡᠪᠰᠢ ᠣᠯᠠᠨ ᠲᠦᠮᠡᠨ ᠤ ᠪᠤᠳᠤᠯ ᠰᠠᠨᠠᠯ ᠢ ᠰᠠᠶᠢᠨ | ᠰᠣᠨᠣᠰᠴᠤ᠂ ᠣᠯᠠᠨ ᠲᠦᠮᠡᠨ ᠤ ᠵᠣᠪᠠᠭᠤᠷᠢ ᠵᠦᠳᠡᠭᠦᠷᠢ ᠶᠢ ᠨᠢᠭᠲᠠ ᠠᠩᠬᠠᠷᠤᠨ᠂ ᠣᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠰᠠᠨᠠᠯ ᠰᠠᠨᠠᠭᠤᠯᠭ᠎ᠠ ᠶᠢᠨ ᠬᠡᠯᠪᠡᠷᠢ ᠪᠠᠷ ᠴᠠᠭ ᠲᠤᠬᠠᠢ ᠳᠤᠨᠢ ᠲᠤᠰᠬᠠᠵᠤ᠂ ᠠᠷᠠᠳ ᠤᠨ | ᠲᠥᠯᠥᠭᠡᠯᠡᠭᠴᠢᠳ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠪᠥᠬᠦ ᠰᠤᠮᠤᠨ ᠤ | ᠡᠯ᠎ᠡ ᠲᠦᠷᠦᠯ ᠤᠨ ᠠᠵᠢᠯ ᠦᠢᠯᠡᠰ ᠤᠨ ᠡᠶ᠎ᠡ ᠵᠣᠬᠢᠴᠠᠯ ᠲᠠᠢ ᠬᠥᠭᠵᠢᠬᠦ ᠶᠢ ᠠᠬᠢᠭᠤᠯᠵᠤ᠂ ᠠᠷᠠᠳ ᠣᠯᠠᠨ ᠤ | ᠠᠮᠢᠳᠤᠷᠠᠯ ᠤᠨ ᠬᠢᠷᠢ ᠲᠦᠪᠰᠢᠨ ᠢ ᠨᠠᠩ ᠶᠡᠭᠡ ᠪᠠᠷ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |