ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠴᠢᠶᠠᠨ ᠶᠢᠨ ᠭᠧᠦ ᠪᠠᠯᠭᠠᠰᠤᠨ ᠳᠤ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2023/12/4
 12 ᠰᠠᠷ᠎ᠠ ᠶᠢᠨ 1  ᠤ ᠡᠳᠦᠷ᠂  ᠲᠠᠶᠢᠹᠤᠰᠧ ᠬᠤᠰᠢᠭᠤᠨ ᠤ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ ᠲᠠᠭᠠᠬᠤ︾  ᠤᠬᠠᠭᠤᠯᠤᠨ ᠲᠠᠶᠢᠯᠪᠤᠷᠢᠯᠠᠬᠤ ᠪᠦᠯᠬᠦᠮ ᠴᠢᠶᠠᠨ ᠶᠢᠨ ᠭᠧᠦ ᠪᠠᠯᠭᠠᠰᠤᠨ ᠳᠤ ᠬᠦᠨᠵᠡᠬᠡᠶᠢᠷᠡᠵᠦ ᠤᠬᠠᠭᠤᠯᠭ᠎ᠠ ᠲᠠᠶᠢᠯᠤᠮᠵᠢ ᠬᠢᠵᠡᠢ᠃  ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ ᠯᠢᠦ ᠬᠠᠢ ᠰᠢᠶᠠ ᠠᠴᠠ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ ᠲᠠᠭᠠᠬᠤ︾ ᠪᠠᠷ ᠭᠤᠣᠯ ᠰᠡᠳᠦᠪ ᠪᠣᠯᠭᠠᠵᠤ᠂ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠨ ᠡᠵᠡᠮᠰᠢᠬᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠬᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾  ᠤᠨ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠰᠢᠬᠦ ᠵᠡᠷᠭᠡ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ᠂ ᠪᠦᠬᠦ ᠲᠠᠯ᠎ᠠ ᠶᠢᠨ ᠪᠦᠭᠡᠳ ᠰᠢᠰᠲ᠋ᠧᠮ ᠲᠠᠢ ᠲᠠᠶᠢᠯᠤᠮᠵᠢ ᠬᠢᠭᠰᠡᠨ ᠪᠠᠶᠢᠨ᠎ᠠ᠃  ᠡᠨᠡ  ᠤᠳᠠᠭᠠᠨ ᠤ ᠬᠢᠴᠢᠶᠡᠯ ᠲᠠᠶᠢᠯᠤᠮᠵᠢ ᠶᠢᠨ ᠭᠤᠣᠯ ᠰᠡᠳᠦᠪ  ᠨᠢ ᠢᠯᠡ ᠲᠣᠳᠣ᠂ ᠠᠭᠤᠯᠭ᠎ᠠ ᠨᠢ ᠨᠠᠷᠢᠨ ᠪᠣᠳᠠᠲᠠᠢ  ᠂ ᠠᠭᠤᠯᠤᠭᠳᠠᠬᠤᠨ ᠨᠢ ᠭᠦᠨ ᠭᠦᠨᠵᠡᠭᠡᠢ ᠤᠬᠠᠭᠤᠯᠭ᠎ᠠ ᠲᠠᠶᠢᠯᠤᠮᠵᠢ ᠪᠤᠯᠤᠭᠠᠳ᠂ ᠤᠯᠠᠨ ᠢᠶᠠᠷ ᠢᠶᠠᠨ ᠪᠦᠷ ︽ᠰᠠᠨᠠᠯ︾ ᠤᠨ ᠠᠭᠤᠯᠤᠭᠳᠠᠬᠤᠨ ᠢ ᠨᠠᠩ ᠭᠦᠨᠵᠡᠭᠡᠢ  ᠤᠶᠢᠯᠠᠭᠠᠵᠤ᠂ ︽ᠲᠠᠪᠤᠨ ᠦᠭᠡ︾ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ ᠢ ᠪᠠᠲᠤ  ᠴᠡᠭᠡᠵᠢᠯᠡᠨ᠂  ᠪᠠᠶᠠᠷᠯᠠᠨ ᠲᠠᠯᠠᠷᠬᠠᠬᠤ ᠰᠡᠳᠬᠢᠯᠭᠡ ᠪᠠᠨ ᠡᠷᠡᠯᠬᠡᠭᠯᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠭᠠᠵᠤ᠂ ᠤᠯᠠᠨ ᠲᠦᠮᠡᠨ ᠬᠠᠨᠤᠮᠵᠢᠲᠠᠢ ᠪᠠᠶᠢᠬᠤ ᠪᠠᠷ ︽ᠬᠡᠮᠵᠢᠭᠦᠷ︾ ᠪᠤᠯᠭᠠᠨ᠂  ᠠᠷᠠᠳ ᠢᠷᠭᠡᠳ ᠤᠨ ᠤᠯᠤᠯᠳᠠ ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠬᠦᠯᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号