ᠲᠠᠶᠢᠹᠤᠰᠧ ᠬᠤᠰᠢᠭᠤ  ︽ᠠᠶᠢᠽ ᠡᠪᠡᠳᠴᠢᠨ ᠢ ᠡᠰᠡᠷᠬᠦᠴᠡᠬᠦ ︾  ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/12/4
 12 ᠰᠠᠷ᠎ᠠ ᠶᠢᠨ 1 ᠤ ᠡᠳᠦᠷ ᠪᠣᠯ ︽ᠳᠡᠯᠡᠬᠡᠢ ᠶᠢᠨ ᠠᠶᠢᠽ ᠡᠪᠡᠳᠴᠢᠨ ᠢ ᠡᠰᠡᠷᠬᠦᠴᠡᠬᠦ ᠡᠳᠦᠷ︾ ᠪᠣᠯᠣᠨ᠎ᠠ᠃  ᠠᠶᠢᠽ ᠡᠪᠡᠳᠴᠢᠨ ᠤ ᠲᠤᠬᠠᠢ ᠠᠷᠠᠳ ᠣᠯᠠᠨ ᠤ ᠲᠠᠨᠢᠯᠲᠠ ᠶᠢ ᠳᠡᠭᠡᠭᠰᠢᠯᠡᠭᠦᠯᠵᠦ᠂ ᠡᠪᠡᠳᠴᠢᠨ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠦᠨ᠂ ᠬᠥᠮᠥᠨ ᠪᠦᠬᠦᠨ ᠣᠷᠣᠯᠴᠠᠵᠤ᠂ ᠬᠠᠮᠲᠤ ᠪᠠᠷ ᠰᠡᠷᠭᠡᠶᠢᠯᠡᠨ ᠵᠠᠰᠠᠬᠤ ᠨᠡᠶᠢᠭᠡᠮ ᠤᠨ ᠪᠠᠶᠢᠳᠠᠯ ᠢ ᠪᠣᠶ ᠪᠣᠯᠭᠠᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ  ᠨᠢ ᠬᠤᠰᠢᠭᠤᠨ ᠤ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠤᠯᠪᠤᠭᠠᠯᠠᠨ᠂  ︽ᠳᠡᠯᠡᠬᠡᠢ ᠶᠢᠨ ᠠᠶᠢᠽ ᠡᠪᠡᠳᠴᠢᠨ ᠢ ᠡᠰᠡᠷᠬᠦᠴᠡᠬᠦ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠯᠪᠠᠨ ᠠᠵᠢᠯᠲᠠᠳ ᠪᠠ ᠰᠠᠶᠢᠨ ᠲᠤᠷᠠᠳᠠᠳ ᠬᠦᠨᠳᠡᠯᠡᠨ ᠪᠢᠴᠢᠭᠡᠰᠦ ᠡᠯᠭᠦᠬᠦ᠂ ᠯᠠᠪᠯᠠᠯᠲᠠ   ᠶᠢᠨ ᠲᠠᠪᠴᠠᠩ ᠭᠠᠷᠭᠠᠬᠤ᠂ ᠤᠬᠠᠭᠤᠯᠭ᠎ᠠ   ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠢᠷᠡᠵᠦ ᠶᠠᠪᠤᠭ᠎ᠠ ᠣᠯᠠᠨ ᠲᠦᠮᠡᠨ ᠳᠤ ᠠᠶᠢᠽ ᠡᠪᠡᠳᠴᠢᠨ ᠰᠡᠷᠭᠡᠶᠢᠯᠡᠨ ᠵᠠᠰᠠᠬᠤ ᠮᠡᠳᠡᠯᠭᠡ   ᠶᠢ ᠲᠦᠭᠡᠮᠡᠯᠵᠢᠭᠦᠯᠵᠦ᠂  ᠡᠷᠡᠭᠦᠯ  ᠵᠦᠪ ᠠᠮᠢᠳᠤᠷᠠᠯ ᠤᠨ ᠠᠷᠭ᠎ᠠ ᠮᠠᠶ᠋ᠢᠭ ᠢ ᠤᠬᠠᠭᠤᠯᠤᠨ᠂   ᠠᠶᠢᠽ ᠡᠪᠡᠳᠴᠢᠨ ᠤᠯᠠᠮᠵᠢᠯᠠᠨ ᠲᠠᠷᠬᠠᠭᠠᠬᠤ ᠠᠶᠤᠯ ᠲᠦᠭᠰᠢᠭᠦᠷᠢ   ᠶᠢ ᠪᠠᠭᠠᠰᠬᠠᠬᠤ ᠭᠡᠷᠡᠭᠳᠡᠢ ᠬᠡᠵᠦ ᠤᠷᠢᠶᠠᠯᠠᠭᠰᠠᠨ ᠪᠠᠶᠢᠨ᠎ᠠ᠃  ᠠᠵᠢᠯᠯᠠᠭᠠᠨ ᠤ  ᠲᠤᠮᠳᠠ᠂ ᠠᠶᠢᠽ ᠡᠪᠡᠳᠴᠢᠨ   ᠢ ᠰᠡᠷᠭᠡᠶᠢᠯᠡᠨ ᠵᠠᠰᠠᠬᠤ ᠤᠬᠠᠭᠤᠯᠭ᠎ᠠ   ᠶᠢᠨ ᠮᠠᠲ᠋ᠧᠷᠢᠶᠠᠯ 1000 ᠭᠠᠷᠤᠢ ᠬᠤᠪᠢ᠂ ᠡᠮᠨᠡᠯᠭᠡ ᠳᠤ ᠬᠡᠷᠡᠭᠯᠡᠬᠦ ᠠᠮᠠᠪᠴᠢ 500 ᠭᠠᠷᠤᠢ ᠬᠤᠪᠢ ᠶᠢ ᠲᠠᠷᠬᠠᠭᠠᠵᠠᠢ᠃ ᠤᠬᠠᠭᠤᠯᠭ᠎ᠠ  ᠪᠠᠷ ᠲᠠᠮᠵᠢᠭᠠᠳ᠂ ᠣᠯᠠᠨ ᠲᠦᠮᠡᠨ ᠳᠤ ᠠᠶᠢᠽ ᠡᠪᠡᠳᠴᠢᠨ ᠤ ᠬᠤᠣᠷ ᠬᠥᠨᠥᠭᠡᠯ ᠢ ᠭᠦᠢᠴᠡᠳ ᠲᠠᠨᠢᠭᠤᠯᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠬᠦᠯᠦᠨ᠂ ᠠᠶᠢᠽ ᠡᠪᠡᠳᠴᠢᠲᠡᠨ ᠢ ᠦᠯᠦ ᠭᠠᠳᠠᠭᠤᠷᠴᠢᠯᠠᠬᠤ ᠪᠠ   ᠬᠠᠶᠢᠷᠠᠯᠠᠨ ᠬᠠᠯᠠᠮᠵᠢᠯᠠᠬᠤ ᠠᠭᠤᠷ ᠠᠮᠢᠰᠬᠤᠯ ᠢ ᠳᠡᠯᠭᠡᠷᠡᠭᠦᠯᠵᠦ᠂  ᠭᠡᠷ ᠪᠦᠯᠢ ᠶᠢᠨ ᠡᠶ᠎ᠡ ᠨᠠᠶᠢᠷ᠂ ᠨᠡᠶᠢᠭᠡᠮ ᠤᠨ ᠡᠶ᠎ᠡ ᠵᠣᠬᠢᠴᠠᠯ  ᠪᠠ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠠᠵᠢᠯ ᠢ ᠠᠬᠢᠭᠤᠯᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号