12 ᠰᠠᠷ᠎ᠠ ᠶᠢᠨ 1 ᠤ ᠡᠳᠦᠷ᠂ ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ | ᠬᠦᠷᠴᠦ ᠢᠷᠡᠬᠦ ᠲᠠᠰᠢᠷᠠᠮ ᠳᠤ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠵᠥᠪᠯᠡᠯ ᠤᠨ | ᠭᠡᠰᠢᠬᠦᠨ ᠨᠢᠭᠡᠴᠡ ᠤᠳ ᠲᠠᠢ ᠬᠠᠮᠲᠤᠷᠠᠨ 122 ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠡᠳᠦᠷ︾ ᠤᠨ ᠭᠤᠣᠯ ᠰᠡᠳᠦᠪᠲᠦ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠤᠤ ᠱᠧᠩ ᠳ᠋ᠠ | ᠴᠢᠯᠦᠭᠡᠳᠦ ᠲᠡᠯᠬᠡᠬᠦᠷ ᠤᠨ ᠡᠬᠦᠳᠡᠨ ᠳᠠᠬᠢ ᠠᠬᠤᠢ ᠲᠠᠯᠠᠪᠠᠶ ᠳᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ | ᠬᠥᠨᠳᠡᠯᠡᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠪᠤᠰᠠᠬᠠᠬᠤ ᠵᠡᠷᠭᠡ ᠠᠷᠭ᠎ᠠ ᠭᠡᠯᠪᠡᠷᠢ ᠪᠠᠷ | ᠤᠬᠠᠭᠤᠯᠭ᠎ᠠ ᠬᠢᠵᠦ᠂ ᠣᠯᠠᠨ ᠲᠦᠮᠡᠨ ᠢ ᠵᠢᠯᠤᠭᠤᠳᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠤᠬᠠᠭᠤᠯᠭ᠎ᠠ ᠶᠢᠨ ᠠᠵᠢᠯ ᠳᠤ ᠢᠳᠡᠪᠬᠢᠲᠡᠢ ᠣᠷᠣᠯᠴᠠᠭᠤᠯᠵᠤ᠂ ᠠᠷᠢᠬᠢ ᠤᠤᠭᠤᠵᠤ ᠲᠡᠷᠭᠡ ᠵᠢᠯᠤᠭᠤᠳᠬᠤ᠂ | ᠬᠠᠮᠠᠭᠠᠯᠠᠯᠳᠠ ᠶᠢᠨ ᠳᠤᠭᠤᠯᠠᠭ᠎ᠠ ᠡᠮᠦᠰᠬᠦ ᠦᠭᠡᠢ᠂ ᠠᠶᠤᠯᠬᠦᠢ ᠶᠢᠨ ᠪᠦᠰᠡ ᠪᠦᠰᠡᠯᠡᠬᠦ ᠦᠭᠡᠢ ᠵᠡᠷᠭᠡ ᠵᠠᠮ | ᠬᠠᠷᠢᠯᠴᠠᠭᠠᠨ ᠤ ᠬᠠᠤᠯᠢ ᠲᠦᠷᠢᠮ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠬᠤᠣᠷ ᠬᠥᠨᠥᠭᠡᠯᠳᠦ ᠴᠢᠨᠠᠷ ᠲᠤ | ᠭᠤᠣᠯᠳᠠᠯᠭ᠎ᠠ ᠲᠠᠢ ᠪᠠᠷ ᠤᠬᠠᠭᠤᠯᠭ᠎ᠠ ᠪᠠ ᠲᠠᠶᠢᠯᠤᠮᠵᠢ ᠬᠢᠵᠡᠢ᠃ ᠳᠠᠷᠠᠭ᠎ᠠ ᠨᠢ᠂ ᠴᠠᠭᠳᠠᠭ᠎ᠠ ᠠᠵᠢᠯᠳᠠᠳ ᠪᠤᠤᠴᠠᠩ | ᠪᠠᠯᠭᠠᠰᠤᠨ ᠤ ᠲᠠᠢ ᠫᠢᠩ ᠨᠡᠶᠢᠭᠡᠮ ᠲᠣᠭᠤᠷᠢᠭ ᠲᠤ ᠬᠦᠨᠵᠡᠬᠡᠶᠢᠷᠡᠵᠦ᠂ ᠵᠠᠮ ᠬᠠᠷᠢᠯᠴᠠᠭᠠᠨ ᠤ ᠠᠳᠡᠯ ᠤᠨ ᠦᠯᠢᠭᠡᠷ | ᠵᠢᠱᠢᠶ᠎ᠡ ᠲᠠᠢ ᠤᠶᠠᠯᠳᠤᠭᠤᠯᠤᠨ᠂ ᠰᠠᠭᠤᠭᠠᠯᠢ ᠠᠷᠠᠳ ᠲᠠᠢ ︽ᠵᠣᠭᠤᠭ ᠳᠡᠯᠭᠡᠬᠦ︾ ᠬᠡᠯᠪᠡᠷᠢ ᠪᠠᠷ ᠶᠠᠪᠤᠵᠤ ᠰᠠᠭᠤᠬᠤ | ᠶᠢᠨ ᠠᠩᠬᠠᠷᠬᠤ ᠵᠦᠢᠯ ᠪᠠ ᠦᠨᠡᠮᠯᠡᠯ ᠦᠭᠡᠢ ᠪᠠᠷ ᠲᠡᠷᠭᠡ ᠵᠢᠯᠤᠭᠤᠳᠬᠤ᠂ ᠠᠷᠢᠬᠢ ᠤᠤᠭᠤᠵᠤ ᠲᠡᠷᠭᠡ ᠵᠢᠯᠤᠭᠤᠳᠬᠤ | ᠵᠡᠷᠭᠡ ᠵᠠᠮ ᠬᠠᠷᠢᠯᠴᠠᠭᠠᠨ ᠤ ᠬᠠᠤᠯᠢ ᠲᠦᠷᠢᠮ ᠠᠴᠠ ᠵᠥᠷᠢᠴᠡᠭᠰᠡᠨ ᠬᠦᠨᠳᠦ ᠨᠣᠴᠢᠲᠠᠢ ᠦᠶᠯᠡ ᠠᠵᠢᠯᠯᠠᠭ᠎ᠠ ᠶᠢᠨ | ᠬᠤᠣᠷ ᠬᠥᠨᠥᠭᠡᠯ ᠢ ᠲᠠᠶᠢᠯᠪᠤᠷᠢᠯᠠᠬᠤ ᠶᠢᠨ ᠬᠠᠮᠲᠤ᠂ ᠵᠠᠮ ᠬᠠᠷᠢᠯᠴᠠᠭᠠᠨ ᠤ ᠬᠠᠤᠯᠢ ᠲᠦᠷᠢᠮ ᠢ ᠤᠬᠠᠮᠰᠠᠷ ᠠᠴᠠ ᠪᠠᠨ | ᠵᠢᠷᠤᠮᠯᠠᠨ ᠰᠠᠬᠢᠵᠤ᠂ ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ | ᠂ ᠲᠡᠷᠭᠡ ᠤᠨᠤᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠠᠷᠠᠳ ᠢᠷᠭᠡᠳ | ᠱᠠᠭᠠᠷᠳᠠᠭᠰᠠᠨ ᠪᠠᠶᠢᠨ᠎ᠠ᠃ ᠡᠭᠦᠨ ᠤ ᠬᠠᠮᠳᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠ ᠵᠠᠯᠠᠭᠤᠴᠤᠳ | ᠪᠠᠭᠠᠴᠤᠳ ᠲᠤ ᠴᠢᠭᠯᠡᠭᠦᠯᠦᠨ ᠭᠤᠣᠯᠳᠠᠯᠭ᠎ᠠ ᠲᠠᠢ ᠤᠬᠠᠭᠤᠯᠭ᠎ᠠ ᠬᠢᠵᠦ᠂ ᠲᠡᠳᠡᠨ ᠢ ᠬᠠᠪᠰᠤᠷᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠨᠠᠩ ᠰᠠᠶᠢᠨ ᠣᠶᠢᠯᠠᠭᠠᠭᠤᠯᠵᠤ᠂ ᠵᠠᠮ ᠬᠠᠷᠢᠯᠴᠠᠭᠠᠨ ᠤ ᠤᠰᠤᠯ | ᠠᠳᠡᠯ ᠠᠴᠠ ᠴᠠᠭ ᠢᠮᠠᠭᠳᠠ ᠰᠡᠷᠭᠡᠶᠢᠯᠡᠵᠦ ᠪᠠᠶᠢᠬᠤ ᠶᠢ ᠰᠠᠨᠠᠭᠤᠯᠪᠠ᠃ |