ᠲᠠᠶᠢᠹᠤᠰᠧ ᠬᠤᠰᠢᠭᠤ  ︽ᠦᠨᠳᠦᠰᠦᠨ ᠬᠠᠤᠯᠢ ᠶᠢᠨ ᠡᠳᠦᠷ ︾ ᠤᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/12/5
  12 ᠰᠠᠷ᠎ᠠ ᠶᠢᠨ 4 ᠤ ᠡᠳᠦᠷ ᠪᠣᠯ ᠤᠯᠤᠰ ᠤᠨ ︽ᠦᠨᠳᠦᠰᠦᠨ ᠬᠠᠤᠯᠢ ᠶᠢᠨ ᠡᠳᠦᠷ︾ ᠪᠣᠯᠣᠨ᠎ᠠ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ ᠢᠯᠡᠷᠡᠬᠦᠯᠦᠨ᠂ ᠬᠠᠤᠯᠢ ᠪᠠᠷ ᠤᠯᠤᠰ ᠢᠶᠠᠨ ᠵᠠᠰᠠᠬᠤ ᠶᠢᠨ ᠳᠠᠪᠠᠭᠤᠯᠢᠭ ᠢ ᠭᠦᠨᠵᠡᠭᠡᠢ ᠤᠬᠠᠭᠤᠯᠵᠤ᠂ ᠦᠨᠳᠦᠰᠦᠨ ᠬᠠᠤᠯᠢ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ4  ᠤ ᠡᠳᠦᠷ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠬᠤᠩ ᠴᠢ ᠪᠠᠯᠭᠠᠰᠤ  ᠪᠠ ᠬᠤᠰᠢᠭᠤ ᠤᠯᠠᠭᠠᠨᠮᠥ᠋ᠴᠢᠷ ᠲᠠᠢ ᠬᠠᠮᠲᠤᠷᠠᠨ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠨᠡᠶᠢᠭᠡᠮ ᠵᠢᠷᠤᠮ ᠤᠨ ᠬᠠᠤᠯᠢᠵᠢᠯ ᠤᠨ ᠰᠣᠶᠣᠯ ᠢ ᠪᠠᠶᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠤᠯᠤᠰ ᠤᠨ ︽ ᠦᠨᠳᠦᠰᠦᠨ ᠬᠠᠤᠯᠢ ᠶᠢᠨ ᠡᠳᠦᠷ ︾ ᠤᠨ ᠤᠬᠠᠭᠤᠯᠭ᠎ᠠ ᠶᠢᠨ ᠠᠵᠢᠯᠯᠠᠭ᠎ᠠ  ᠥᠷᠨᠢᠭᠦᠯᠵᠡᠢ᠃  ᠤᠯᠠᠭᠠᠨᠮᠥ᠋ᠴᠢᠷ ᠤᠨ ᠲᠤᠭᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠬᠤᠢ ᠲᠠᠯᠠᠪᠠᠢ ᠶᠢᠨ ᠦᠵᠡᠭᠴᠢᠳ ᠲᠤ ᠢᠷᠠᠭᠤ ᠨᠠᠶᠢᠷᠠᠭ ︽ᠬᠥᠳᠡᠭᠡ ᠲᠣᠰᠬᠤᠨ ᠤ ᠬᠦᠭᠵᠢᠯ ᠮᠠᠨᠳᠤᠯ  ︾᠂ ᠳᠠᠭᠤᠤ ᠪᠥᠵᠢᠭ ︽ᠮᠠᠭᠲᠠᠭᠠᠯ ᠳᠠᠭᠤᠤ︾᠂ ᠮᠣᠷᠢᠨ ᠬᠤᠭᠤᠷ ᠤᠨ ᠭᠤᠷᠪᠠᠯᠠᠯ ᠬᠥᠭᠵᠢᠮ ︽ᠢᠯᠠᠯᠲᠠ ᠲᠠᠢ ᠪᠠᠷ ᠪᠤᠴᠠᠵᠤ ᠢᠷᠡᠯ᠎ᠡ︾ ᠵᠡᠷᠭᠡ  ᠭᠤᠴᠤ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠠᠷ ᠳᠠᠮᠵᠢᠨ ᠬᠠᠤᠯᠢᠵᠢᠯ ᠤᠨ ᠬᠦᠴᠦᠨ ᠢ ᠳᠠᠮᠵᠢᠭᠤᠯᠵᠤ᠂ ᠤᠯᠠᠨ ᠲᠦᠮᠡᠨ ᠤ ᠦᠵᠡᠵᠦ ᠰᠤᠨᠤᠰᠬᠤ ᠳᠤᠷᠠᠲᠠᠢ ᠠᠷᠭ᠎ᠠ ᠬᠡᠯᠪᠡᠷᠢ ᠪᠠᠷ ᠦᠨᠳᠦᠰᠦᠨ ᠬᠠᠤᠯᠢ ᠶᠢᠨ ᠲᠤᠬᠠᠢ ᠤᠬᠠᠭᠤᠯᠭ᠎ᠠ ᠬᠥᠮᠦᠵᠢᠯ ᠢ ᠠᠷᠠᠳ ᠤᠯᠠᠨ ᠤ ᠳᠡᠷᠭᠡᠳᠡ ᠬᠦᠷᠭᠡᠭᠰᠡᠨ ᠪᠠᠶᠢᠨ᠎ᠠ᠃ ᠬᠠᠤᠯᠢ ᠴᠠᠭᠠᠵᠠ ᠶᠢᠨ ᠲᠤᠪᠴᠢᠶᠠᠨ ᠤ ᠬᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂  ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠠᠬᠤᠢ ᠲᠠᠯᠠᠪᠠᠢ  ᠳᠤ ᠬᠠᠤᠯᠢ ᠳᠦᠷᠢᠮ ᠤᠨ ᠤᠬᠠᠭᠤᠯᠭ᠎ᠠ ᠬᠢᠵᠦ᠂ ︽ᠦᠨᠳᠦᠰᠦᠨ ᠬᠠᠤᠯᠢ︾᠂ ︽ᠢᠷᠭᠡᠨ ᠤ ᠬᠠᠤᠯᠢ︾᠂ ︽ᠤᠷᠤᠭ ᠤᠨ ᠬᠠᠤᠯᠢ︾᠂ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠡᠷᠭᠡ ᠬᠠᠤᠯᠢ  ᠳᠦᠷᠢᠮ  ᠢ ᠤᠬᠠᠭᠤᠯᠵᠠᠢ᠃  ᠣᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤ ᠨᠢ ᠡᠶᠢᠨ ᠬᠦ᠋ ᠦᠨᠳᠦᠰᠦᠨ ᠬᠠᠤᠯᠢ ᠶᠢᠨ ᠤᠬᠠᠭᠤᠯᠭ᠎ᠠ ᠶᠢ ᠴᠢᠩᠭᠠᠳᠬᠠᠬᠤ ᠶᠢ  ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠶᠡᠷᠦᠩᠬᠡᠢ ᠭᠠᠷᠳᠠᠴᠠ ᠪᠣᠯᠭᠠᠵᠤ᠂ ᠦᠨᠳᠦᠰᠦᠨ ᠬᠠᠤᠯᠢ ᠶᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠬᠡᠷᠡᠭᠵᠢᠭᠦᠯᠬᠦ ᠶᠢ ᠤᠯᠤᠰ᠂ ᠣᠷᠣᠨ᠂ ᠠᠶᠢᠮᠠᠭ᠂ ᠬᠤᠰᠢᠭᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠬᠠᠤᠯᠢ ᠪᠠᠷ ᠬᠤᠰᠢᠭᠤ ᠪᠠᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠬᠤ ᠲᠠᠢ ᠤᠶᠠᠯᠳᠤᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ  ᠰᠠᠶᠢᠨ ᠰᠠᠶᠢᠬᠠᠨ  ᠬᠠᠤᠯᠢᠵᠢᠯ ᠤᠨ ᠣᠷᠴᠢᠨ ᠨᠦᠬᠦᠴᠡᠯ  ᠢ ᠪᠣᠶ ᠪᠤᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂  ᠲᠤᠰ ᠬᠤᠰᠢᠭᠤ ᠨᠢ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠭᠦᠯᠵᠢᠯᠡᠨ  ᠥᠷᠨᠢᠭᠦᠯᠵᠦ᠂ ᠤᠯᠠᠨ ᠲᠦᠮᠡᠨ ᠤ ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠶᠢᠨ ᠤᠬᠠᠮᠰᠠᠷ ᠢ ᠤᠯᠠᠮ ᠢᠯᠡᠬᠦᠦ ᠴᠢᠩᠭᠠᠳᠬᠠᠨ ᠲᠡᠭᠡᠭᠰᠢᠯᠡᠬᠦᠯᠬᠦ   ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号