ᠲᠠᠶᠢᠹᠤᠰᠧ ᠬᠤᠰᠢᠭᠤ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ | ᠪᠠᠳᠠᠷᠠᠭᠤᠯᠬᠤ ᠶᠢ ᠣᠳᠣᠬᠠᠨ ᠤ ᠠᠵᠢᠯ ᠲᠠᠢ ᠣᠷᠭᠠᠨᠢᠭ ᠢᠶᠠᠷ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠨᠠᠮ ᠤᠨ | ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠤᠬᠠᠭᠤᠯᠭ᠎ᠠ ᠬᠥᠮᠦᠵᠢᠯ ᠢ ᠨᠢᠭᠡᠳᠦᠭᠡᠷ ᠹᠷᠣᠨᠲ ᠲᠤ ᠬᠢᠬᠦ᠂ | ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠬᠦ᠂ ᠠᠵᠢᠯ ᠢ ᠨᠢᠭᠡᠳᠦᠭᠡᠷ ᠹᠷᠣᠨᠲ ᠲᠤ | ᠨᠠᠶᠢᠳᠠᠪᠤᠷᠢᠵᠢᠭᠤᠯᠬᠤ ᠶᠢ ᠦᠢᠯᠡᠳᠦᠯᠬᠡᠵᠢᠬᠦᠯᠦᠨ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠦᠨᠡᠨᠬᠦ ᠠᠰᠠᠭᠤᠳᠠᠯ ᠢ ᠰᠢᠢᠳᠪᠦᠷᠢᠯᠡᠵᠦ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ | ᠪᠣᠯᠭᠠᠨ ᠬᠤᠪᠢᠷᠠᠭᠤᠯᠵᠤ ᠪᠠᠶᠢᠨ᠎ᠠ᠃ | ᠤᠬᠠᠭᠤᠯᠭ᠎ᠠ ᠬᠥᠮᠦᠵᠢᠯ ᠢ ᠨᠢᠭᠡᠳᠦᠭᠡᠷ ᠹᠷᠣᠨᠲ ᠲᠤ ᠬᠢᠭᠰᠡᠨ᠃ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ ᠶᠠᠪᠤᠳᠠᠯ ᠢ ᠭᠤᠣᠯ ᠰᠡᠳᠦᠪᠲᠦ ᠬᠥᠮᠦᠵᠢᠯ ᠢ | ᠥᠷᠨᠢᠭᠦᠯᠬᠦ ᠶᠢᠨ ᠭᠤᠣᠯᠳᠠᠯᠭ᠎ᠠ ᠪᠣᠯᠭᠠᠵᠤ᠂ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ | ᠰᠣᠨᠣᠰᠴᠤ᠂ ᠨᠠᠮ ᠢᠶᠠᠨ ᠡᠬᠦᠷᠢᠳᠡ ᠳᠠᠭᠠᠬᠤ︾ ᠤᠬᠠᠭᠤᠯᠤᠨ ᠲᠠᠶᠢᠯᠪᠤᠷᠢᠯᠠᠬᠤ ᠪᠦᠯᠬᠦᠮ᠂ ︽ᠤᠯᠠᠭᠠᠨ | ᠪᠢᠴᠢᠭ ᠤᠨ ᠪᠣᠭᠴᠣ︾ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡᠨ ᠤ ᠠᠩᠭᠢ ᠶᠢ ᠵᠤᠬᠢᠶᠠᠨ | ᠪᠠᠶᠢᠭᠤᠯᠬᠤ ᠪᠠ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠬᠤ ᠮᠡᠳᠦ ᠶᠢᠨ ᠠᠷᠭ᠎ᠠ ᠬᠡᠯᠪᠡᠷᠢ ᠪᠠᠷ ᠤᠯᠠᠨ | ᠲᠦᠮᠡᠨ ᠲᠠᠢ ᠨᠢᠭᠲᠠ ᠬᠠᠷᠢᠯᠴᠠᠵᠤ᠂ ᠤᠯᠠᠨ ᠲᠦᠮᠡᠨ ᠳᠤ ᠤᠬᠠᠭᠤᠯᠭ᠎ᠠ ᠬᠢᠵᠦ᠂ ᠺᠠᠳ᠋ᠷ ᠤᠯᠠᠨ ᠲᠦᠮᠡᠨ ᠤ | ᠬᠤᠭᠤᠷᠣᠨᠳᠣᠬᠢ ︽ᠰᠡᠳᠬᠢᠯ ᠬᠤᠯᠪᠣᠬᠤ ᠬᠥᠭᠦᠷᠭᠡ ︾ ᠶᠢ ᠴᠤᠭᠴᠠᠯᠠᠨ᠂ ᠭᠤᠣᠯ ᠰᠡᠳᠦᠪᠲᠦ ᠬᠥᠮᠦᠵᠢᠯ ᠤᠨ | ᠭᠦᠨᠵᠡᠭᠡᠶᠢᠷᠡᠨ ᠪᠤᠳᠠᠳᠠᠶᠢᠵᠢᠵᠤ ᠦᠷ᠎ᠡ ᠪᠦᠲᠦᠮᠵᠢ ᠲᠠᠢ ᠶᠠᠪᠤᠭᠳᠠᠬᠤ ᠶᠢ ᠠᠬᠢᠭᠤᠯᠵᠤ ᠪᠠᠶᠢᠨ᠎ᠠ᠃ ᠣᠳᠣᠬᠠᠨ ᠳᠤ᠂ | ︽ᠤᠯᠠᠭᠠᠨ ᠪᠢᠴᠢᠭ ᠤᠨ ᠪᠣᠭᠴᠣ︾ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡᠨ ᠤ ᠠᠩᠭᠢ | ᠨᠢ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ | ᠳᠠᠭᠠᠬᠤ︾ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠶᠢ ᠨᠡᠶᠢᠳᠡ 149 ᠤᠳᠠᠭ᠎ᠠ ᠬᠢᠵᠦ᠂ ᠤᠬᠠᠭᠤᠯᠭ᠎ᠠ | ᠲᠠᠶᠢᠯᠤᠮᠵᠢ ᠰᠤᠨᠤᠰᠤᠭᠰᠠᠨ ᠬᠦᠮᠦᠨ ᠤ ᠲᠤᠭ᠎ᠠ 2800 ᠭᠠᠷᠤᠢ ᠬᠥᠮᠥᠨ ᠤᠳᠠᠭ᠎ᠠ ᠳᠤ ᠬᠦᠷᠴᠡᠢ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ︽ | ᠨᠠᠮ ᠤᠨ ᠬᠢᠴᠢᠶᠡᠯ ᠣᠷᠣᠬᠤ︾ ᠠᠵᠢᠯᠯᠠᠭ᠎ᠠ ᠶᠢ ᠨᠡᠶᠢᠳᠡ 380 ᠤᠳᠠᠭ᠎ᠠ ᠥᠷᠨᠢᠭᠦᠯᠵᠦ᠂ 6000 ᠭᠠᠷᠤᠢ | ᠬᠥᠮᠥᠨ ᠤᠳᠠᠭ᠎ᠠ ᠬᠢᠴᠢᠶᠡᠯ ᠰᠤᠨᠤᠰᠪᠠ᠃ ᠡᠭᠦᠨ ᠤ ᠬᠠᠮᠲᠤ᠂ ᠲᠠᠶᠢᠹᠤᠰᠧ ᠬᠤᠰᠢᠭᠤᠨ ᠤ ᠪᠠᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠤᠯᠠᠮ ᠰᠠᠶᠢᠨ ᠤᠬᠠᠭᠤᠯᠤᠨ ᠲᠠᠶᠢᠯᠪᠤᠷᠢᠯᠠᠬᠤ ᠶᠢᠨ ᠲᠥᠯᠥᠭᠡ᠂ | ᠬᠤᠰᠢᠭᠤ ᠤᠯᠠᠭᠠᠨᠮᠥ᠋ᠴᠢᠷ᠂ ︽ᠠᠷᠠᠳ ᠤᠨ ᠲᠤᠮᠳᠠᠬᠢ ᠦᠯᠢᠭᠡᠷ ᠶᠠᠷᠢᠭᠴᠢ︾ ᠵᠡᠷᠭᠡ ᠶᠢ ᠵᠤᠬᠢᠶᠠᠨ ᠪᠠᠶᠢᠭᠤᠯᠵᠤ | ᠦᠨᠳᠦᠰᠦᠨ ᠱᠠᠲᠤᠨ ᠳᠤ ᠭᠦᠨᠵᠡᠭᠡᠶᠢᠷᠡᠨ ︽ᠤᠳᠬ᠎ᠠ ᠤᠷᠠᠯᠢᠭ + ᠤᠬᠠᠭᠤᠯᠭ᠎ᠠ ᠲᠠᠶᠢᠯᠤᠮᠵᠢ︾᠂ ︽ᠣᠨᠣᠯ + | ᠥᠯᠢᠭᠡᠷ︾ ᠵᠡᠷᠭᠡ ᠠᠷᠠᠳ ᠣᠯᠠᠨ ᠤ ᠦᠵᠡᠵᠦ ᠰᠣᠨᠢᠷᠬᠠᠬᠤ ᠳᠤᠷᠠᠲᠠᠢ ᠰᠢᠨ᠎ᠡ ᠠᠷᠭ᠎ᠠ ᠬᠡᠯᠪᠡᠷᠢ ᠪᠠᠷ ᠤᠬᠠᠭᠤᠯᠤᠨ | ᠲᠠᠶᠢᠯᠪᠤᠷᠢᠯᠠᠭᠠᠳ᠂ ᠨᠠᠮ ᠤᠨ ᠰᠢᠨ᠎ᠡ ᠶᠢ ᠡᠭᠦᠳᠬᠦ ᠣᠨᠣᠯ ᠢ ︽ᠠᠮᠢᠳᠤᠯᠢᠭ︾ ᠲᠠᠶᠢᠯᠪᠤᠷᠢᠯᠠᠵᠤ ︽ᠰᠠᠶᠢᠨ︾ | ᠲᠠᠶᠢᠯᠪᠤᠷᠢᠯᠠᠵᠤ ︽ᠨᠡᠪᠲᠡᠷᠬᠡᠢ︾ ᠲᠠᠶᠢᠯᠪᠤᠷᠢᠯᠠᠵᠠᠢ᠃ | ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠭᠰᠡᠨ᠃ ᠨᠢᠬᠡᠳᠦᠭᠡᠷ ᠹᠷᠣᠨᠲ ᠲᠤ ᠠᠰᠠᠭᠤᠳᠠᠯ ᠢ | ᠡᠷᠢᠬᠦ᠂ ᠨᠢᠬᠡᠳᠦᠭᠡᠷ ᠹᠷᠣᠨᠲ ᠲᠤ ᠠᠰᠠᠭᠤᠳᠠᠯ ᠢ ᠰᠢᠢᠳᠪᠦᠷᠢᠯᠡᠬᠦ᠂ ᠨᠢᠬᠡᠳᠦᠭᠡᠷ ᠹᠷᠣᠨᠲ ᠲᠤ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠠᠷᠢᠮᠳᠠᠯᠠᠨ᠂ ︽ᠬᠦᠴᠢᠷ ᠪᠡᠷᠬᠡᠰᠢᠶᠡᠯ ᠢ ᠢᠯᠠᠨ ᠳᠠᠪᠠᠭ᠋ᠤ︾ ᠶᠢ | ᠴᠢᠬᠤᠯᠠ ᠠᠭᠤᠯᠭ᠎ᠠ ᠪᠣᠯᠭᠠᠨ ᠠᠬᠢᠭᠤᠯᠵᠤ᠂ ᠵᠤᠬᠢᠴᠠᠭᠤᠯᠤᠨ ᠰᠢᠢᠳᠪᠦᠷᠢᠯᠡᠬᠦ ᠳᠤ ᠬᠦᠴᠢᠷ᠂ ᠣᠯᠠᠨ ᠲᠦᠮᠡᠨ ᠤ | ᠬᠦᠰᠡᠯ ᠱᠠᠭᠠᠷᠳᠠᠯᠭ᠎ᠠ ᠥᠨᠳᠥᠷ ᠪᠠᠶᠢᠭ᠎ᠠ ᠨᠢᠭᠡ ᠪᠦᠯᠦᠭ ᠬᠦᠴᠢᠷ ᠲᠦᠪᠡᠭᠲᠡᠢ ᠠᠰᠠᠭᠤᠳᠠᠯ ᠢ ᠬᠦᠴᠦᠯᠡᠨ | ᠰᠢᠢᠳᠪᠦᠷᠢᠯᠡᠵᠦ ᠪᠠᠶᠢᠨ᠎ᠠ ᠃ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠪᠣᠯ | ᠰᠢᠢᠳᠪᠦᠷᠢᠯᠡᠬᠦ ᠳᠤ ᠬᠦᠴᠢᠷᠲᠡᠢ ︽ᠬᠦᠴᠢᠷ ᠠᠰᠠᠭᠤᠳᠠᠯ︾ ᠤᠨ ᠨᠢᠭᠡ ᠪᠣᠯᠣᠨ᠎ᠠ᠃ ᠭᠤᠣᠯ ᠰᠡᠳᠦᠪᠲᠦ ᠬᠥᠮᠦᠵᠢᠯ ᠢ | ᠥᠷᠨᠢᠭᠦᠯᠦᠭᠰᠡᠨ ᠠᠴᠠ ᠨᠠᠰᠢ᠂ ᠲᠠᠶᠢᠹᠤᠰᠧ ᠬᠤᠰᠢᠭᠤ ᠨᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ | ᠲᠦᠷᠦᠯ ᠬᠤᠪᠢᠶᠠᠨ ᠠᠷᠭ᠎ᠠ ᠪᠣᠳᠣᠯᠭ᠎ᠠ ᠠᠪᠴᠤ᠂ ︽ᠨᠢᠭᠡ ᠲᠣᠭᠤᠷᠢᠭ ᠲᠤ ᠨᠢᠭᠡ ᠪᠣᠳᠣᠯᠭ᠎ᠠ︾ ᠶᠢ | ᠭᠡᠷᠡᠭᠵᠢᠬᠦᠯᠦᠨ᠂ ᠬᠡᠰᠡᠭ ᠬᠠᠭᠤᠴᠢᠨ ᠰᠠᠭᠤᠭᠠᠯᠢ ᠲᠣᠭᠤᠷᠢᠭ ᠤᠨ ᠪᠠᠷᠢᠯᠭ᠎ᠠ ᠶᠢᠨ ᠭᠤᠣᠯ ᠴᠣᠭᠴᠠ ᠪᠣᠯᠣᠨ ᠰᠠᠭᠤᠷᠢ | ᠲᠥᠬᠦᠭᠡᠷᠦᠮᠵᠢ ᠶᠢ ᠰᠠᠶᠢᠵᠢᠷᠠᠭᠤᠯᠤᠨ ᠲᠡᠬᠦᠯᠳᠡᠷᠵᠢᠬᠦᠯᠵᠡᠢ᠃ ᠤᠳᠤ ᠳᠥᠷᠪᠡᠨ ᠬᠠᠭᠤᠴᠢᠨ ᠲᠣᠭᠤᠷᠢᠭ ᠤᠨ | ᠥᠭᠡᠷᠡᠴᠢᠯᠡᠯᠲᠡ ᠶᠢ ᠨᠢᠬᠡᠨᠳᠡ ᠪᠡᠶᠡᠯᠡᠭᠦᠯᠵᠦ᠂ ᠪᠠᠷᠢᠯᠭ᠎ᠠ ᠶᠢᠨ ᠲᠠᠯᠠᠪᠠᠶ ᠨᠢ ᠪᠠᠷᠤᠭ 10.04 ᠲᠦᠮᠡᠨ ᠬᠠᠪᠳᠠᠭᠠᠢ | ᠳᠥᠷᠪᠡᠯᠵᠢᠨ ᠮᠧᠲᠷ ᠲᠤ ᠬᠦᠷᠦᠭᠡᠳ᠂ 38 ᠰᠠᠭᠤᠷᠢ ᠠᠰᠠᠷ᠂ 903 ᠰᠠᠭᠤᠭᠠᠯᠢ ᠡᠷᠦᠬᠡ ᠳᠤ ᠬᠤᠯᠪᠤᠭᠳᠠᠭᠰᠠᠨ | ᠪᠠᠶᠢᠨ᠎ᠠ ᠃ ᠡᠬᠦᠨ ᠳᠤ ᠭᠤᠣᠯᠳᠠᠭᠤ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠢᠯᠴᠢ ᠬᠠᠩᠭᠠᠬᠤ᠂ | ᠰᠢᠲᠠᠮᠠᠬᠠᠢ ᠬᠡᠢ ᠶᠢᠨ ᠬᠤᠭᠤᠯᠠᠢ᠂ ᠰᠠᠭᠤᠭᠠᠯᠢ ᠲᠤᠭᠤᠷᠢᠭ ᠤᠨ ᠵᠠᠮ᠂ ᠳ᠋ᠧᠩ᠂ ᠪᠡᠶ᠎ᠡ ᠴᠢᠭᠢᠷᠠᠭᠵᠢᠭᠤᠯᠬᠤ | ᠲᠦᠬᠦᠭᠡᠷᠦᠮᠵᠢ᠂ ᠨᠣᠭᠤᠭᠠᠷᠠᠭᠤᠯᠵᠤ ᠭᠤᠶᠣᠵᠢᠭᠤᠯᠬᠤ ᠢᠨᠵᠧᠨᠧᠷᠢᠩ ᠵᠡᠷᠭᠡ ᠢᠵᠢ ᠪᠦᠷᠢᠳᠦᠭᠰᠡᠨ ᠵᠦᠢᠯᠡᠰ | ᠪᠠᠭᠲᠠᠵᠤ᠂ ᠬᠠᠭᠤᠴᠢᠨ ᠰᠠᠭᠤᠭᠠᠯᠢ ᠲᠣᠭᠤᠷᠢᠭ ᠢ ᠰᠢᠨ᠎ᠡ ᠠᠮᠢᠵᠢᠷᠠᠯ ᠤᠨ ᠬᠦᠴᠦᠨ ᠲᠠᠢ ᠪᠤᠯᠭᠠᠭᠠᠳ᠂ ᠠᠷᠠᠳ | ᠢᠷᠭᠡᠳ ᠤᠨ ᠠᠵᠠ ᠵᠢᠷᠭᠠᠯ ᠤᠨ ᠲᠥᠷᠥᠭᠳᠡᠯ᠂ ᠤᠯᠤᠯᠳᠠ ᠬᠦᠷᠲᠡᠮᠵᠢ ᠶᠢᠨ ᠲᠥᠷᠥᠭᠳᠡᠯ ᠢ ᠦᠨᠡᠨ ᠬᠦ | ᠨᠡᠮᠡᠭᠳᠡᠭᠦᠯᠪᠡ᠃ | ᠠᠵᠢᠯ ᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠤᠭᠰᠠᠨ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠢ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ᠂ ᠤᠯᠠᠨ ᠲᠦᠮᠡᠨ ᠤ ᠳᠤᠮᠳᠠ | ᠬᠦᠨᠵᠡᠬᠡᠶᠢᠷᠡᠵᠦ᠂ ᠤᠯᠠᠨ ᠲᠦᠮᠡᠨ ᠤ ᠰᠡᠳᠬᠢᠯ ᠤᠨ ᠦᠭᠡ ᠶᠢ ᠰᠣᠨᠣᠰᠴᠤ᠂ ᠤᠯᠠᠨ ᠲᠦᠮᠡᠨ ᠤ ᠠᠩᠬᠠᠷᠴᠤ | ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠠᠵᠢᠯ ᠶᠠᠪᠤᠳᠠᠯ ᠢ ᠪᠣᠳᠠᠲᠠᠢ ᠪᠦᠭᠡᠳ ᠨᠠᠷᠢᠯᠢᠭ ᠬᠢᠵᠦ᠂ ᠠᠷᠠᠳ | ᠤᠯᠠᠨ ᠤ ᠤᠯᠤᠯᠳᠠ ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠳᠠ ᠦᠭᠡᠢ ᠲᠡᠭᠡᠭᠰᠢᠯᠡᠬᠦᠯᠵᠦ ᠪᠠᠶᠢᠨ᠎ᠠ᠃ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠨᠢ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠷ ᠴᠢᠬᠤᠯᠠ | ᠭᠠᠷᠳᠠᠴᠠ ᠪᠤᠯᠭᠠᠨ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠦᠨᠳᠦᠰᠦᠨ | ᠱᠠᠲᠤᠨ ᠳᠤ ᠭᠦᠨᠵᠡᠭᠡᠶᠢᠷᠡᠨ ᠤᠯᠠᠨ ᠲᠦᠮᠡᠨ ᠤ ᠰᠠᠨᠠᠭᠠᠰᠢᠷᠠᠵᠤ ᠵᠤᠪᠠᠵᠤ ᠬᠦᠰᠡᠵᠦ ᠬᠠᠷᠠᠵᠤ ᠪᠠᠶᠢᠭ᠎ᠠ ᠶᠠᠪᠤᠳᠠᠯ ᠢ | ᠤᠶᠢᠯᠠᠭᠠᠭᠰᠠᠨ ᠰᠠᠭᠤᠷᠢᠨ ᠲᠡᠭᠡᠷ᠎ᠡ᠂ ᠪᠤᠤᠴᠠᠩ ᠪᠠᠯᠭᠠᠰᠤᠨ ᠤ ᠲᠤᠮᠤ ᠴᠢᠯᠦᠭᠡᠳᠦ ᠳᠡᠯᠭᠡᠭᠦᠷ ᠪᠣᠯᠣᠨ ᠡᠮ ᠤᠨ | ᠳᠡᠯᠭᠡᠭᠦᠷ ᠲᠤ ᠲᠦᠷᠭᠡᠨ ᠬᠦᠷᠭᠡᠯᠲᠡ ᠶᠢᠨ ᠠᠵᠢᠯᠴᠢᠨ ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ᠂ ᠴᠡᠪᠡᠷᠯᠡᠭᠡ | ᠶᠢᠨ ᠠᠵᠢᠯᠴᠢᠨ ᠵᠡᠷᠭᠡ ᠳᠤ ᠵᠤᠷᠢᠭᠤᠯᠤᠭᠰᠠᠨ ︽ᠦᠢᠯᠡᠴᠢᠯᠡᠬᠦ ᠦᠷᠳᠡᠭᠡ︾ 3 ᠶᠢ ᠪᠠᠶᠢᠭᠤᠯᠵᠤ᠂ ᠲᠤᠳᠤᠷ᠎ᠠ ᠨᠢ | ᠪᠠᠴᠢᠮ ᠪᠠᠶᠢᠳᠠᠯ ᠢ ᠠᠷᠭᠠᠴᠠᠬᠤ ᠡᠮ ᠤᠨ ᠬᠠᠶᠢᠷᠴᠠᠭ᠂ ᠴᠠᠬᠢᠯᠭᠠᠨ ᠴᠡᠨᠡᠭᠯᠡᠬᠦᠷ᠂ ᠠᠮᠠᠷᠠᠯᠲᠠ ᠶᠢᠨ ᠰᠠᠭᠤᠳᠠᠯ᠂ | ᠤᠰᠤ ᠤᠤᠭᠤᠬᠤ ᠮᠠᠰᠢᠨ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢ ᠲᠤᠬᠢᠷᠠᠭᠤᠯᠤᠭᠠᠳ᠂ ᠬᠠᠮᠢᠶ᠎ᠠ ᠪᠦᠬᠦᠢ | ᠬᠦᠳᠡᠯᠮᠦᠷᠢᠴᠢᠳ ᠤᠨ ᠴᠠᠬᠢᠯᠭᠠᠨ ᠴᠡᠨᠡᠭᠯᠡᠬᠦ᠂ ᠰᠦᠯᠵᠢᠶᠡᠨ ᠳᠤ ᠭᠠᠷᠬᠤ᠂ ᠤᠰᠤ ᠤᠤᠭᠤᠬᠤ᠂ ᠠᠮᠠᠷᠠᠵᠤ | ᠰᠠᠭᠤᠬᠤ ᠳᠤ ᠲᠥᠬᠦᠮ ᠦᠵᠡᠬᠦᠯᠵᠠᠢ᠃ |