ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/12/5
   — —  ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠬᠡᠵᠦ ᠶᠠᠭᠤ ᠪᠣᠢ  ︖      ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠮᠠᠨ ᠤ ᠤᠯᠤᠰ ᠤᠨ ᠨᠠᠷᠢᠨ ᠪᠤᠳᠤᠯᠢᠶᠠᠨᠲᠠᠢ ᠤᠰᠤᠨ ᠤ ᠠᠰᠠᠭᠤᠳᠠᠯ ᠢ ᠰᠢᠢᠳᠪᠦᠷᠢᠯᠡᠬᠦ᠂ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠳᠤ ᠰᠠᠭᠤᠷᠢᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠠᠴᠠ ᠡᠭᠦᠰᠴᠦ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠣᠨ᠎ᠠ ᠃ ᠶᠡᠷᠦᠩᠬᠡᠢ ᠱᠦᠵᠢ ᠰᠢ ᠶᠢᠨ ᠫᠢᠩ ᠡᠨᠡ ᠬᠦ ᠴᠢᠬᠤᠯᠠ ᠶᠡᠭᠡ ᠥᠭᠡᠷᠡᠴᠢᠯᠡᠯᠲᠡ ᠶᠢ ᠪᠡᠶ᠎ᠡ ᠪᠠᠷ ᠢᠶᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠪᠠᠶᠢᠨ᠎ᠠ᠃ 2016 ᠣᠨ ᠤ 11 ᠰᠠᠷ᠎ᠠ᠂ 2017 ᠣᠨ ᠤ 12 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠤᠷᠢᠳ ᠬᠤᠵᠢᠳ ︽ᠭᠤᠣᠯ ᠤᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠰᠠᠨᠠᠯ︾ ︽ᠨᠠᠭᠤᠷ ᠴᠥᠭᠦᠷᠥᠮ ᠳᠤ ᠨᠠᠭᠤᠷ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠃ 5 ᠵᠢᠯ ᠤᠨ ᠲᠤᠷᠰᠢᠬᠢ ᠦᠢᠯᠡᠳᠦᠯᠭᠡ ᠨᠢ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠨᠢ ᠮᠠᠨ ᠤ ᠤᠯᠤᠰ ᠤᠨ ᠤᠯᠤᠰ ᠤᠨ ᠪᠠᠶᠢᠳᠠᠯ ᠤᠰᠤᠨ ᠤ ᠪᠠᠶᠢᠳᠠᠯ ᠳᠤ ᠪᠦᠷᠢᠮᠦᠰᠦᠨ ᠨᠡᠶᠢᠴᠡᠵᠦ᠂ ᠭᠤᠣᠯ ᠮᠥᠷᠡᠨ ᠢ ᠬᠠᠮᠠᠭᠠᠯᠠᠨ ᠵᠠᠰᠠᠬᠤ  ᠦᠨᠳᠦᠰᠦᠨ ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠴᠢᠬᠤᠯᠠ ᠶᠡᠭᠡ ᠲᠦᠷᠦ ᠶᠢᠨ ᠪᠣᠳᠣᠯᠭ᠎ᠠ   ᠶᠢᠨ ᠠᠷᠭ᠎ᠠ ᠪᠠᠷᠢᠯ ᠮᠥᠨ᠂ ᠬᠦᠴᠦᠷᠬᠡᠭ ᠶᠡᠭᠡ ᠠᠮᠢᠵᠢᠷᠠᠯ ᠤᠨ ᠬᠦᠴᠦᠨ ᠲᠠᠢ ᠴᠢᠬᠤᠯᠠ ᠶᠡᠭᠡ ᠳᠦᠷᠢᠮ ᠤᠨ ᠡᠭᠦᠳᠦᠯᠲᠡ ᠮᠥᠨ ᠭᠡᠳᠡᠭ ᠢ ᠭᠡᠷᠡᠴᠢᠯᠡᠭᠰᠡᠨ ᠪᠠᠶᠢᠨ᠎ᠠ᠃       — — ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠭᠡᠷᠡᠭᠵᠢᠬᠦᠯᠬᠦ ᠶᠢᠨ ᠠᠴᠢ ᠬᠤᠯᠪᠤᠭᠳᠠᠯ     ᠲᠠᠪᠤᠨ ᠵᠢᠯ ᠤᠨ ᠲᠤᠷᠰᠢ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠰᠤᠨ ᠠᠰᠢᠭᠯᠠᠯᠲᠠ ᠶᠢᠨ ᠶᠠᠮᠤᠨ ᠪᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠬᠠᠮᠲᠤᠪᠠᠷ ᠴᠢᠷᠮᠠᠶᠢᠵᠤ ᠪᠠᠶᠢᠭᠠᠳ᠂ ᠤᠷᠳᠤ ᠬᠤᠭᠤᠴᠠᠭᠠᠨ ᠤ ᠲᠤᠷᠰᠢ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠨ ᠨᠢᠭᠡ ᠪᠦᠯᠦᠭ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠵᠠᠰᠠᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠮᠠᠨ ᠤ ᠤᠯᠤᠰ ᠤᠨ ᠭᠤᠣᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠳᠤ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ᠂ ᠠᠷᠠᠳ ᠤᠯᠠᠨ ᠤ ᠤᠯᠤᠯᠳᠠ ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢᠯᠡᠳᠲᠡ ᠨᠡᠮᠡᠭᠳᠡᠨ᠂  ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠤᠯᠵᠠᠢ     1. ᠢᠳᠡᠭᠡᠯ ᠵᠣᠷᠢᠭ ᠲᠠᠢ ᠠᠵᠢᠯᠯᠠᠭᠰᠠᠨ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠲᠥᠯᠥᠪᠵᠢᠭᠦᠯᠵᠦ ᠂ ᠪᠠᠶᠢᠷᠢᠯᠠᠭᠤᠯᠵᠤ᠂ ᠠᠬᠢᠭᠤᠯᠵᠤ᠂ ᠬᠤᠶᠠᠷ ᠵᠢᠯ ᠤᠨ ᠲᠤᠷᠰᠢ ᠰᠢᠢᠳᠪᠦᠷᠢᠲᠦ ᠪᠣᠳᠣᠯᠭ᠎ᠠ ᠶᠢ ᠵᠥᠪᠳᠡᠯᠴᠡᠨ ᠶᠠᠷᠢᠯᠴᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠤᠳᠤᠷᠢᠳᠤᠨ  ᠂ ᠤᠰᠤᠨ ᠠᠰᠢᠭᠯᠠᠯᠲᠠ ᠶᠢᠨ ᠶᠠᠮᠤᠨ  ᠪᠠ ᠡᠯ᠎ᠡ ᠰᠠᠯᠠᠭ᠎ᠠ ᠮᠥᠴᠢᠷ ᠤᠨ ᠬᠢᠨ ᠬᠠᠮᠳᠤᠪᠠᠷ  ᠴᠢᠷᠮᠠᠶᠢᠭᠰᠠᠨ ᠤ ᠳ᠋ᠦᠩ ᠳᠤ᠂ ᠲᠦᠷᠪᠡᠨ ᠱᠠᠳᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠡᠶᠢᠳᠡ 90 ᠲᠦᠮᠡ ᠶᠢ ᠲᠠᠪᠠᠵᠤ᠂ ᠪᠦᠬᠦ ᠤᠯᠤᠰ ᠢᠶᠠᠷ ᠢᠶᠠᠨ ︽ᠨᠢᠭᠡ ᠬᠥᠯᠭᠡ ᠰᠢᠲᠠᠷ᠎ᠠ  ︾ ᠮᠡᠲᠦ ᠪᠣᠯᠤᠭᠰᠠᠨ ᠨᠢ ᠮᠠᠨ ᠤ ᠨᠠᠮ ᠤᠨ ᠪᠦᠬᠦ ᠲᠠᠯ᠎ᠠ ᠪᠠᠷ ᠴᠡᠭᠴᠡᠯᠡᠨ ᠵᠠᠰᠠᠬᠤ᠂ ᠪᠣᠬᠢᠷᠲᠤᠯ ᠦᠭᠡᠢ ᠬᠥᠭᠵᠢᠭᠦᠯᠬᠦ ᠡᠷᠡᠰ ᠵᠣᠷᠢᠭ ᠪᠠ ᠪᠠᠳᠤ ᠢᠲᠡᠭᠡᠯ ᠢ ᠬᠠᠷᠠᠭᠤᠯᠵᠠᠢ᠃     2. ᠡᠬᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠳᠤ ᠨᠢᠭᠡ ᠭᠤᠣᠯ ᠤᠨ ᠨᠢᠭᠡ ᠳᠡᠰ᠂ ᠨᠢᠭᠡ ᠭᠤᠣᠯ ᠤᠨ ᠨᠢᠭᠡ ᠪᠣᠳᠣᠯᠭ᠎ᠠ ᠶᠢ ᠬᠡᠷᠡᠭᠵᠢᠭᠦᠯᠵᠦ ᠂ ᠮᠤᠵᠢ ᠬᠤᠳᠠ ᠠᠴᠠ ᠠᠪᠤᠭᠠᠳ ᠬᠥᠳᠡᠭᠡ ᠲᠣᠰᠬᠤᠨ ᠬᠦᠷᠲᠡᠯ᠎ᠡ᠂ ᠭᠤᠣᠯ ᠡᠰᠢ ᠠᠴᠠ ᠠᠪᠤᠭᠠᠳ ᠰᠠᠯᠠᠭ᠎ᠠ ᠨᠠᠮᠠᠭ᠎ᠠ ᠬᠦᠷᠲᠡᠯ᠎ᠡ᠂ ᠨᠢᠭᠡ ᠨᠢᠭᠡ ᠱᠠᠲᠤ ᠪᠠᠷ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠡᠬᠦᠷᠭᠡ ᠶᠢ ᠨᠠᠷᠢᠯᠢᠬᠵᠢᠭᠤᠯᠵᠤ᠂ ᠡᠷᠢᠬᠦ ᠠᠴᠠ ᠬᠥᠮᠥᠨ ᠲᠠᠢ᠂ ᠦᠨᠳᠦᠰᠦᠯᠡᠬᠦ ᠠᠴᠠ ᠪᠠᠷᠢᠮᠲᠠ ᠲᠠᠢ ᠪᠠᠶᠢᠬᠤ ᠶᠢ ᠦᠨᠡᠨ ᠬᠦ ᠪᠡᠶᠡᠯᠡᠭᠦᠯᠵᠦ ᠴᠢᠳᠠᠭᠰᠠᠨ ᠪᠠᠶᠢᠨ᠎ᠠ᠃      3. ᠦᠵᠡᠯ ᠤᠬᠠᠮᠰᠠᠷ ᠢ ᠴᠢᠩᠭᠠᠳᠬᠠᠭᠰᠠᠨ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠭᠰᠡᠨ ᠠᠴᠠ ᠨᠠᠰᠢ᠂ ᠤᠰᠤᠨ ᠤ ᠲᠦᠪᠰᠢᠨ ᠳᠡᠭᠡᠭᠰᠢᠯᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠡᠷᠡᠯ ᠭᠢᠯᠪᠠᠭ᠎ᠠ ᠶᠢ ᠳᠠᠬᠢᠨ ᠰᠠᠴᠤᠷᠠᠭᠤᠯᠤᠭᠰᠠᠨ ᠠᠴᠠ ᠭᠠᠳᠠᠨ᠎ᠠ᠂ ᠨᠠᠩ ᠴᠢᠬᠤᠯᠠ ᠨᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠰᠤᠷᠭᠠᠭᠤᠯᠢ ᠶᠢᠨ ᠬᠦᠷᠢᠶᠡᠨ ᠳᠤ ᠣᠷᠣᠬᠤ᠂ ᠠᠵᠤ ᠠᠬᠤᠶᠢᠯᠠᠯ ᠳᠤ ᠣᠷᠣᠬᠤ ᠶᠢ  ᠠᠬᠢᠭᠤᠯᠵᠤ᠂ ᠪᠥᠬᠦ ᠠᠷᠠᠳ ᠢᠶᠠᠷ ᠢᠶᠠᠨ ᠣᠷᠣᠯᠴᠠᠬᠤ᠂ ᠪᠥᠬᠦ ᠲᠠᠯ᠎ᠠ ᠪᠠᠷ  ᠠᠩᠬᠠᠷᠤᠨ ᠬᠠᠯᠠᠮᠵᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃      — —  ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠶᠠᠭᠠᠬᠢᠵᠤ  ᠭᠡᠷᠡᠭᠵᠢᠬᠦᠯᠬᠦ  ᠪᠤᠢ  ︖    ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠡᠭᠦᠷᠭᠡ ᠬᠦᠨᠳᠦ ᠵᠠᠮ ᠬᠤᠯᠠ ᠪᠠᠶᠢᠭ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠡᠷᠬᠡᠪᠰᠢ ᠬᠠᠷᠠᠯᠲᠠ ᠪᠠᠨ ᠪᠠᠲᠤ ᠡᠵᠡᠮᠳᠡᠵᠦ᠂ ᠯᠠᠪᠳᠠᠭᠤᠨ ᠪᠠᠲᠤᠲᠠᠢ᠂ ᠰᠢᠷᠭᠠᠭᠤ ᠬᠠᠲᠠᠭᠤᠵᠢᠯᠲᠠᠢ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠬᠡᠷᠡᠭᠵᠢᠭᠦᠯᠦᠯᠲᠡ ᠶᠢ ᠪᠦᠬᠦ ᠬᠦᠴᠦᠨ ᠢᠶᠠᠷ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃        ᠨᠢᠭᠡᠳᠦᠭᠡᠷ ᠲᠤ᠂  ᠡᠬᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠨᠠᠮ ᠵᠠᠰᠠᠭ ᠤᠨ ᠭᠤᠣᠯ ᠤᠳᠤᠷᠢᠳᠤᠯᠭ᠎ᠠ ᠪᠠᠷ ᠭᠤᠣᠯ ᠴᠣᠭᠴᠠ ᠪᠣᠯᠭᠠᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠬᠤ᠂  ᠨᠢᠭᠡ ᠱᠠᠲᠤ ᠨᠢ ᠨᠢᠭᠡ ᠱᠠᠲᠤ ᠪᠠᠨ ᠱᠠᠭᠠᠷᠳᠠᠬᠤ᠂  ᠱᠠᠳᠤ ᠱᠠᠲᠤ  ᠪᠠᠷ ᠨᠡᠪᠲᠡᠷᠡᠭᠦᠯᠬᠦ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ  ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠨᠰᠢᠬᠦᠯᠦᠨ᠂ ᠭᠤᠣᠯ ᠮᠥᠷᠡᠨ ᠨᠢᠭᠡᠪᠦᠷᠢ᠂ ᠨᠠᠭᠤᠷ ᠴᠥᠭᠦᠷᠥᠮ ᠨᠢᠭᠡᠪᠦᠷᠢ ᠶᠢ ᠬᠠᠮᠢᠶᠠᠷᠬᠤ ᠬᠥᠮᠥᠨ ᠲᠠᠢ ᠬᠠᠮᠠᠭᠠᠯᠠᠬᠤ ᠬᠥᠮᠥᠨ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ  ᠡᠬᠦᠷᠭᠡ  ᠬᠠᠷᠢᠭᠤᠴᠠᠯᠭ᠎ᠠ ᠪᠠᠨ ᠭᠦᠢᠴᠡᠳᠬᠡᠬᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂  ᠤᠷᠮᠠᠰᠢᠭᠤᠯᠤᠨ ᠵᠣᠷᠢᠭᠵᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ  ᠲᠤᠭᠳᠠᠴᠠ ᠶᠢ ᠭᠡᠷᠡᠭᠵᠢᠬᠦᠯᠦᠨ᠂ ᠱᠠᠲᠤ ᠱᠠᠲᠤ ᠪᠠᠷ ᠳᠠᠷᠤᠯᠲᠠ ᠦᠭᠬᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠡᠭᠦᠷᠭᠡ ᠶᠢ ᠲᠣᠳᠣᠷᠬᠠᠶᠢᠯᠠᠵᠤ᠂ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ  ᠲᠡᠬᠦᠯᠳᠡᠷᠵᠢᠬᠦᠯᠦᠨ᠂ ᠨᠠᠮ ᠵᠠᠰᠠᠭ ᠢᠶᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠤᠷᠤᠯᠴᠠᠭᠰᠠᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠲᠣᠭᠲᠠᠴᠠ ᠶᠢ ᠪᠦᠷᠢᠯᠳᠦᠭᠦᠯᠦᠨ᠎ᠡ᠃    ᠬᠤᠶᠠᠳᠤᠭᠠᠷ ᠲᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠵᠤ ᠠᠰᠢᠭᠯᠠᠨ᠎ᠠ᠃ ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠥᠨ ᠢ ᠲᠣᠭᠲᠠᠭᠠᠬᠤ᠂ ᠤᠰᠤ ᠪᠠᠷ  ᠦᠢᠯᠡᠳᠪᠦᠷᠢᠯᠡᠯ ᠢ ᠲᠣᠭᠲᠠᠭᠠᠬᠤ ᠵᠠᠷᠴᠢᠮ ᠢ ᠪᠥᠬᠦ ᠲᠠᠯ᠎ᠠ ᠪᠠᠷ ᠲᠤᠤᠱᠯᠠᠭᠤᠯᠤᠨ᠂ ᠤᠰᠤᠨ ᠤ ᠡᠬᠢ ᠪᠠᠶᠠᠯᠢᠭ ᠢ ᠠᠯᠪᠠᠳᠠᠯᠭ᠎ᠠ ᠪᠠᠷ ᠬᠢᠵᠠᠭᠠᠷᠯᠠᠬᠤ ᠳᠦᠷᠢᠮ ᠢ ᠪᠠᠶᠢᠭᠤᠯᠵᠤ᠂ ᠤᠰᠤ  ᠬᠡᠷᠡᠭᠯᠡᠬᠦ ᠦᠶᠯᠡ ᠠᠵᠢᠯᠯᠠᠭ᠎ᠠ ᠶᠢ ᠲᠦᠷᠢᠮᠵᠢᠬᠦᠯᠦᠨ᠎ᠡ᠃  ᠤᠰᠤ ᠠᠷᠪᠢᠯᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠴᠢᠬᠤᠯᠠ ᠬᠦᠷᠢᠶ᠎ᠡ ᠴᠠᠷᠠᠭ᠎ᠠ ᠭᠤᠣᠯᠳᠠᠯᠭ᠎ᠠ ᠲᠠᠢ ᠭᠠᠵᠠᠷ ᠣᠷᠣᠨ ᠤ ᠤᠰᠤ ᠠᠷᠪᠢᠯᠠᠵᠤ ᠤᠰᠤ ᠬᠢᠵᠠᠭᠠᠷᠯᠠᠬᠤ ᠪᠤᠭᠤᠮᠳᠠ ᠰᠢᠪᠳᠤᠯᠬᠤ ᠲᠠᠶᠢᠨ ᠢ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠵᠤ ᠠᠰᠢᠭᠯᠠᠬᠤ ᠬᠢᠷᠢ ᠲᠦᠪᠰᠢᠨ  ᠢ ᠳᠡᠭᠡᠭᠰᠢᠯᠡᠭᠦᠯᠦᠨ᠎ᠡ᠃ ᠤᠯᠤᠰ ᠤᠨ ᠤᠰᠤᠨ ᠤ ᠲᠣᠣᠷ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠣᠷᠣᠨ ᠵᠠᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠴᠢᠳᠠᠪᠤᠷᠢ᠂ ᠤᠰᠤ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠂ ᠪᠠᠶᠢᠯᠳᠤᠬᠤ ᠪᠣᠳᠣᠯᠭ᠎ᠠ ᠶᠢᠨ ᠨᠥᠭᠡᠴᠡᠯᠡᠬᠦ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠷᠠᠭᠤᠯᠤᠨ᠎ᠠ᠃    ᠭᠤᠷᠪᠠᠳᠤᠭᠠᠷ ᠲᠤ᠂  ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠣᠷᠴᠢᠨ ᠲᠣᠭᠤᠷᠢᠨ ᠤ ᠰᠡᠷᠭᠦᠯᠲᠡ ᠶᠢ ᠠᠬᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠴᠡᠭᠴᠡᠯᠡᠯᠳᠡ︾ ᠶᠢ ᠬᠦᠨᠵᠡᠬᠡᠢ ᠠᠬᠢᠭᠤᠯᠵᠤ᠂  ᠴᠡᠭᠴᠡᠯᠡᠯᠳᠡ ᠶᠢᠨ ᠭᠤᠣᠯᠳᠠᠯᠭ᠎ᠠ ᠶᠢ ᠳᠤᠮᠳᠠ ᠵᠢᠵᠢᠭ ᠭᠤᠣᠯ ᠮᠥᠷᠡᠨ᠂ ᠬᠥᠳᠡᠭᠡ ᠲᠣᠰᠬᠤᠨ ᠤ ᠨᠠᠭᠤᠷ ᠭᠤᠣᠯ ᠲᠡᠶᠢᠰᠢ ᠤᠷᠳᠤᠳᠬᠠᠨ᠂ ᠭᠤᠣᠯ ᠨᠠᠭᠤᠷ ᠤᠨ ᠣᠷᠣᠨ ᠵᠠᠢ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ  ᠲᠤᠭᠳᠠᠭᠠᠬᠤ ᠶᠢ ᠲᠦᠷᠭᠡᠳᠬᠡᠵᠦ᠂ ᠭᠤᠣᠯ ᠨᠠᠭᠤᠷ ᠤᠨ ᠡᠷᠭᠢ ᠬᠦᠪᠡᠭᠡ ᠶᠢ ᠲᠦᠷᠦᠯ ᠬᠤᠪᠢᠶᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠭᠤᠣᠯ ᠨᠠᠭᠤᠷ ᠤᠨ ᠣᠷᠣᠨ  ᠪᠦᠰᠡ ᠶᠢ ᠵᠠᠰᠠᠨ ᠰᠡᠷᠬᠦᠬᠡᠵᠦ᠂  ᠦᠶᠡᠷ  ᠵᠠᠯᠠᠬᠤ ᠵᠠᠮ ᠢ ᠰᠠᠭᠠᠳ ᠦᠭᠡᠢ  ᠨᠡᠪᠳᠡᠷᠡᠬᠦᠯᠦᠨ᠂  ᠭᠤᠤᠯ ᠨᠠᠭᠤᠷ ᠤᠨ ᠳᠠᠭᠠᠤ   ᠳᠠᠬᠢ ᠪᠣᠬᠢᠷᠲᠤᠯ ᠦᠭᠡᠢ ᠠᠮᠢ ᠠᠬᠤᠢ ᠶᠢᠨ ᠬᠤᠩᠭᠢᠯ ᠢ ᠪᠤᠢ ᠪᠣᠯᠭᠠᠨ᠎ᠠ᠃  ᠦᠨᠳᠦᠰᠦ ᠰᠤᠷᠪᠤᠯᠵᠢ ᠠᠴᠠ ᠨᠢ ᠰᠡᠷᠭᠡᠶᠢᠯᠡᠨ ᠡᠵᠡᠮᠳᠡᠬᠦ᠂ ᠤᠰᠤᠨ ᠤ ᠡᠷᠭᠢ ᠶᠢ ᠵᠡᠷᠭᠡᠪᠡᠷ ᠵᠠᠰᠠᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠪᠣᠬᠢᠷᠲᠤᠯ ᠤᠨ ᠡᠬᠢ ᠶᠢ ᠴᠢᠩᠭ᠎ᠠ  ᠡᠵᠡᠮᠳᠡᠨ᠂ ᠪᠣᠬᠢᠷ ᠤᠰᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ  ᠴᠡᠪᠡᠷ ᠲᠤᠩᠭᠠᠯᠠᠭ ᠢ ᠪᠠᠳᠤᠯᠠᠨ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠬᠠᠮᠠᠭᠠᠯᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠴᠢᠨᠠᠷ  ᠴᠢᠨᠰᠠᠭᠠᠨ  ᠤ ᠦᠨᠡᠯᠡᠯᠲᠡ ᠶᠢ ᠦᠷᠭᠦᠯᠵᠢᠯᠡᠨ ᠥᠷᠨᠢᠭᠦᠯᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠰᠢᠭᠯᠠᠬᠤ ᠳᠤ  ᠴᠡᠭᠴᠡᠯᠡᠯᠳᠡ ᠬᠢᠬᠦ ᠪᠠᠨ ᠴᠢᠩᠭᠠᠳᠬᠠᠵᠤ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ  ᠠᠬᠢᠭᠤᠯᠤᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号