ᠲᠠᠶᠢᠹᠤᠰᠧ ᠬᠤᠰᠢᠭᠤ ︽ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/6
   12 ᠰᠠᠷ᠎ᠠ ᠶᠢᠨ 5 ᠤ ᠡᠳᠦᠷ ᠪᠣᠯ  ︽ᠣᠯᠠᠨ ᠤᠯᠤᠰ ᠤᠨ ᠰᠠᠶᠢᠨ ᠲᠤᠷᠠᠳᠠᠳ︾ ᠤᠨ ᠡᠳᠦᠷ ᠪᠣᠯᠣᠨ᠎ᠠ  ᠃ ᠡᠨᠡ  ᠡᠳᠦᠷ ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂  ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠴᠢᠶᠠᠨ ᠶᠢᠨ ᠭᠧᠦ ᠪᠠᠯᠭᠠᠰᠤᠨ ᠤ ᠫᠢᠩ ᠴᠤᠸᠠᠨ ᠲᠣᠰᠬᠤᠨ ᠳᠤ ᠬᠦᠷᠴᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠵᠡᠢ᠃  ᠠᠯᠪᠠᠨ ᠵᠢᠷᠤᠮ ᠤᠨ ᠡᠮᠴᠢᠯᠡᠭᠡᠨ ᠤ ᠠᠬᠤᠢ ᠲᠠᠯᠠᠪᠠᠢ ᠳᠤ᠂ ᠡᠮᠴᠢ ᠰᠤᠪᠢᠯᠠᠭᠴᠢ ᠨᠠᠷ ᠲᠣᠰᠬᠤᠨ ᠤ ᠠᠷᠠᠳ ᠲᠤ ᠴᠢᠰᠤᠨ ᠳᠠᠷᠤᠯᠲᠠ ᠪᠠ ᠴᠢᠰᠤᠨ ᠰᠢᠬᠢᠷ ᠢ ᠬᠡᠮᠵᠢᠬᠦ᠂ ᠬᠢᠲᠠᠳ ᠡᠮᠨᠡᠯᠭᠡ᠂ ᠠᠮᠢᠰᠬᠤᠯ ᠤᠨ ᠳᠣᠲᠣᠷ ᠡᠮᠨᠡᠯᠭᠡ᠂ ᠴᠢᠬᠢ ᠬᠠᠮᠠᠷ ᠬᠤᠭᠤᠯᠠᠢ ᠶᠢᠨ ᠡᠮᠨᠡᠯᠭᠡ ᠵᠡᠷᠭᠡ  ᠦᠨ᠎ᠡ ᠲᠥᠯᠥᠪᠦᠷᠢ ᠦᠭᠡᠢ ᠦᠢᠯᠡᠴᠢᠯᠡᠭᠡ ᠶᠢ ᠬᠠᠩᠭᠠᠵᠤ᠂   5000 ᠭᠠᠷᠤᠢ ᠲᠥᠭᠦᠷᠢᠭ ᠤᠨ ᠦᠷᠳᠡᠭ ᠪᠦᠬᠦᠢ ᠬᠠᠨᠢᠶᠠᠳᠤᠨ ᠤ ᠡᠮ᠂ ᠰᠢᠩᠭᠡᠭᠡᠯᠲᠡ ᠶᠢᠨ ᠡᠮ᠂ ᠬᠠᠯᠠᠭᠤᠨ ᠢ ᠪᠠᠭᠤᠷᠠᠭᠤᠯᠵᠤ ᠡᠪᠡᠳᠬᠦ ᠶᠢ ᠵᠣᠭᠰᠤᠭᠠᠬᠤ ᠡᠮ ᠤᠨ ᠵᠦᠢᠯᠡᠰ ᠢ ᠦᠨ᠎ᠡ ᠲᠦᠯᠦᠪᠦᠷᠢ ᠦᠬᠡᠢ ᠲᠦᠭᠡᠭᠡᠭᠰᠡᠨ ᠤ ᠬᠠᠮᠲᠤ᠂ ᠪᠠᠶᠢᠴᠠᠭᠠᠯᠲᠠ ᠶᠢᠨ ᠳ᠋ᠦᠩ ᠢ ᠦᠨᠳᠦᠰᠦᠯᠡᠨ ᠲᠤᠰᠬᠤᠨ ᠤ ᠠᠷᠠᠳ ᠲᠤ ᠡᠷᠡᠭᠦᠯ  ᠬᠠᠮᠠᠭᠠᠯᠠᠯ ᠪᠠ ᠡᠮ ᠡᠮᠨᠡᠯᠭᠡ ᠶᠢᠨ ᠵᠢᠯᠣᠭᠤᠳᠤᠯᠭ᠎ᠠ ᠬᠠᠩᠭᠠᠵᠤ᠂ ᠠᠷᠠᠳ ᠢᠷᠭᠡᠳ ᠲᠤ ᠪᠡᠶ᠎ᠡ  ᠰᠡᠳᠬᠢᠯ ᠢᠶᠠᠨ ᠡᠷᠡᠭᠦᠯᠵᠢᠭᠦᠯᠬᠦ᠂ ᠵᠣᠬᠢᠰᠲᠠᠢ ᠬᠥᠳᠡᠯᠭᠡᠭᠡᠨ ᠬᠢᠬᠦ᠂ ᠵᠣᠬᠢᠰᠲᠠᠢ ᠬᠤᠭᠤᠯᠠ ᠢᠳᠡᠬᠦ᠂ ᠵᠢᠮ᠎ᠡ ᠶᠣᠰᠣ ᠲᠠᠢ ᠪᠠᠷ  ᠠᠵᠢᠯᠯᠠᠵᠤ  ᠠᠮᠠᠷᠠᠬᠤ ᠰᠠᠨᠠᠭᠤᠯᠭ᠎ᠠ ᠦᠭᠬᠦᠭᠰᠡᠨ ᠪᠠᠶᠢᠨ᠎ᠠ᠃  ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠠᠰᠠᠭᠤᠨ ᠯᠠᠪᠯᠠᠬᠤ ᠪᠠᠷ ᠪᠤᠶᠤ ᠡᠪᠡᠳᠴᠢᠨ ᠦᠵᠡᠬᠦᠯᠬᠦ ᠪᠠᠷ ᠢᠷᠡᠭᠰᠡᠨ ᠲᠣᠰᠬᠤᠨ ᠤ ᠠᠷᠠᠳ ᠲᠤ ᠠᠯᠴᠢᠭᠤᠷ᠂ ᠬᠤᠷᠮᠣᠶᠢᠪᠴᠢ ᠵᠡᠷᠭᠡ ᠠᠮᠢᠳᠤᠷᠠᠯ ᠤᠨ ᠬᠡᠷᠡᠭᠰᠡᠯ ᠢ ᠦᠨ᠎ᠡ ᠲᠥᠯᠥᠪᠦᠷᠢ ᠦᠭᠡᠢ ᠪᠠᠷ ᠲᠦᠭᠡᠭᠡᠵᠦ᠂  ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠤᠨ᠂  ᠠᠷᠠᠳ ᠣᠯᠠᠨ ᠤ ᠪᠣᠯᠪᠠᠰᠤᠨ ᠬᠡᠪ  ᠰᠤᠷᠳᠠᠯ ᠢ ᠲᠡᠭᠡᠭᠰᠢᠯᠡᠬᠦᠯᠵᠦ᠂ ᠵᠠᠩ ᠳᠠᠳᠬᠠᠯ  ᠤᠨ ᠦᠬᠡᠷᠡᠴᠢᠯᠡᠯᠳᠡ ᠶᠢ ᠠᠬᠢᠭᠤᠯᠪᠠ᠃ ᠡᠨᠡ ᠵᠢᠯ᠂ ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠨᠢ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠵᠠᠩ ᠳᠠᠳᠬᠠᠯ ᠢ ᠥᠭᠡᠷᠡᠴᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠪᠣᠯᠪᠠᠰᠤᠨ ᠢ ᠡᠭᠦᠳᠦᠨ ᠪᠠᠶᠢᠭᠤᠯᠬᠤ ᠵᠡᠷᠭᠡ ᠪᠣᠳᠠᠲᠠᠢ ᠳᠤ ᠨᠡᠶᠢᠴᠡᠵᠦ ᠠᠮᠢᠳᠤᠷᠠᠯ ᠲᠠᠢ ᠣᠶᠢᠷᠠᠲᠤᠭᠰᠠᠨ ᠡᠯ᠎ᠡ ᠲᠦᠷᠦᠯ ᠤᠨ ᠠᠵᠢᠯᠯᠠᠭ᠎ᠠ ᠶᠢ ᠢᠳᠡᠪᠬᠢᠲᠡᠢ  ᠦᠷᠨᠢᠬᠦᠯᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂  ᠠᠷᠠᠳ ᠤᠯᠠᠨ ᠤ ᠦᠵᠡᠯ ᠤᠬᠠᠮᠰᠠᠷ᠂ ᠶᠣᠰᠣ ᠰᠤᠷᠲᠠᠬᠤᠨ ᠪᠠ ᠨᠡᠶᠢᠭᠡᠮ ᠤᠨ ᠪᠣᠯᠪᠠᠰᠤᠨ ᠤ ᠬᠢᠷᠢ ᠲᠦᠪᠰᠢᠨ ᠢ ᠲᠠᠰᠤᠷᠠᠯᠲᠠ ᠦᠭᠡᠢ  ᠲᠡᠭᠡᠭᠰᠢᠯᠡᠬᠦᠯᠵᠦ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号