ᠲᠦᠷᠢᠶᠡᠰᠦᠨ ᠮᠠᠰᠢᠨ ᠤ ᠵᠠᠬ᠎ᠠ ᠳᠡᠯᠭᠡᠭᠦᠷ ᠲᠤ ᠲᠤᠰᠬᠠᠢ ᠴᠡᠭᠴᠡᠯᠡᠯᠳᠡ ᠬᠢᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2023/12/6
ᠥᠷᠭᠡᠨ ᠤᠯᠠᠨ ᠠᠷᠠᠳ ᠢᠷᠭᠡᠳ᠂ ᠲᠦᠷᠢᠶᠡᠰᠦᠨ ᠮᠠᠰᠢᠨ ᠤ ᠵᠢᠯᠤᠭᠤᠴᠢ ᠨᠠᠷ ᠲᠤ᠄    ᠮᠠᠨ ᠤ ᠬᠤᠰᠢᠭᠤᠨ ᠤ ᠲᠦᠷᠢᠶᠡᠰᠦᠨ ᠮᠠᠰᠢᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠦᠷᠢᠮᠵᠢᠬᠦᠯᠵᠦ᠂ ᠡᠯ᠎ᠡ ᠲᠥᠷᠥᠯ ᠤᠨ ᠬᠠᠤᠯᠢ ᠲᠦᠷᠢᠮ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂  ᠲᠦᠷᠢᠶᠡᠰᠦᠨ ᠮᠠᠰᠢᠨ ᠤ ᠠᠵᠢᠯ ᠲᠥᠷᠥᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠡᠵᠡᠩᠨᠡᠭᠴᠢ ᠪᠠ ᠠᠶᠠᠨᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠳᠤᠯᠠᠬᠤ ᠶᠢᠨ ᠲᠤᠰᠠᠳᠠ᠂ ᠲᠠᠶᠢᠹᠤᠰᠧ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠪᠥᠬᠦ ᠬᠤᠰᠢᠭᠤᠨ ᠤ ᠲᠦᠷᠢᠶᠡᠰᠦᠨ ᠮᠠᠰᠢᠨ ᠤ ᠵᠠᠬ᠎ᠠ ᠳᠡᠯᠭᠡᠭᠦᠷ ᠲᠤ ᠲᠤᠰᠬᠠᠢ ᠴᠡᠭᠴᠡᠯᠡᠯᠳᠡ ᠬᠢᠬᠦ ᠪᠠᠷ ᠲᠤᠭᠳᠠᠵᠠᠢ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄     ᠨᠢᠭᠡ᠂ ᠪᠠᠶᠢᠴᠠᠭᠠᠬᠤ ᠠᠷᠭ᠎ᠠ ᠬᠡᠯᠪᠡᠷᠢ    ᠡᠨᠡ ᠤᠳᠠᠭᠠᠨ ᠤ ᠲᠤᠰᠬᠠᠢ ᠴᠡᠭᠴᠡᠯᠡᠯᠲᠠ ᠶᠢ ᠴᠡᠭ ᠲᠣᠭᠲᠠᠭᠠᠨ ᠪᠠᠶᠢᠴᠠᠭᠠᠬᠤ ᠪᠠ  ᠲᠤᠭᠤᠷᠢᠨ ᠪᠠᠶᠢᠴᠠᠭᠠᠬᠤ᠂ ᠲᠣᠭᠲᠠᠭᠰᠠᠨ ᠴᠠᠭ ᠲᠤ ᠪᠠᠶᠢᠴᠠᠭᠠᠬᠤ ᠪᠠ ᠭᠡᠨᠡᠳᠡᠬᠦᠯᠦᠨ ᠪᠠᠶᠢᠴᠠᠭᠠᠬᠤ᠂ ᠰᠣᠯᠪᠢᠴᠠᠨ ᠪᠠᠶᠢᠴᠠᠭᠠᠬᠤ ᠪᠠ ᠬᠤᠯᠪᠤᠭᠠᠯᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ  ᠃ ᠲᠤᠰᠬᠠᠢ ᠴᠡᠭᠴᠡᠯᠡᠯᠳᠡ ᠶᠢᠨ ᠳᠤᠮᠳᠠ ᠬᠠᠤᠯᠢ ᠲᠦᠷᠢᠮ ᠵᠥᠷᠢᠴᠡᠭᠰᠡᠨ ᠦᠶᠯᠡ ᠠᠵᠢᠯᠯᠠᠭ᠎ᠠ   ᠶᠢ ᠢᠯᠡᠷᠡᠬᠦᠯᠪᠡᠯ ︽ᠲᠦᠷᠢᠶᠡᠰᠦᠨ ᠮᠠᠰᠢᠨ  ᠤ ᠡᠵᠡᠩᠨᠡᠯᠲᠡ ᠪᠠ ᠦᠢᠯᠡᠴᠢᠯᠡᠭᠡᠨ ᠤ ᠬᠠᠮᠢᠶᠠᠷᠤᠯᠳᠠ ᠶᠢᠨ ᠲᠣᠭᠲᠠᠭᠠᠯ︾ ︽ᠲᠦᠷᠢᠶᠡᠰᠦᠨ ᠮᠠᠰᠢᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠲᠦᠷᠢᠮ ᠲᠣᠭᠲᠠᠭᠠᠯ ᠤᠨ ᠲᠠᠭᠠᠤ ᠪᠠᠶᠢᠴᠠᠭᠠᠨ ᠰᠢᠢᠳᠪᠦᠷᠢᠯᠡᠨ᠎ᠡ᠃ ᠬᠠᠤᠯᠢ ᠬᠡᠷᠡᠭᠵᠢᠭᠦᠯᠬᠦ ᠶᠢ ᠬᠠᠷᠰᠢᠯᠠᠭᠰᠠᠨ᠂ ᠠᠯᠪᠠᠨ ᠠᠵᠢᠯ ᠢ ᠬᠠᠷᠰᠢᠯᠠᠭᠰᠠᠨ ᠪᠤᠶᠤ ᠬᠠᠤᠯᠢ ᠵᠥᠷᠢᠴᠡᠭᠰᠡᠨ ᠪᠤᠰᠤᠳ ᠶᠠᠯᠠᠲᠤ ᠬᠡᠷᠡᠭ ᠤᠨ ᠰᠦᠪᠡᠭᠴᠢ ᠶᠢ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃      ᠬᠤᠶᠠᠷ᠂ ᠴᠡᠭᠴᠡᠯᠡᠬᠦ ᠠᠭᠤᠯᠭ᠎ᠠ     1. ᠠᠶᠠᠨᠴᠢᠨ ᠢ ᠲᠡᠷᠭᠡᠨ ᠳᠡᠭᠡᠨ ᠰᠠᠭᠤᠯᠭᠠᠬᠤ ᠦᠬᠡᠢ᠂ ᠦᠨ᠎ᠡ ᠶᠠᠷᠢᠵᠤ ᠦᠨ᠎ᠡ ᠪᠠᠨ ᠦᠰᠬᠡᠬᠦ᠂  ᠬᠠᠭᠠᠰ ᠵᠠᠮ ᠳᠠᠭᠠᠨ ᠠᠶᠠᠨᠴᠢᠨ ᠢ ᠪᠠᠭᠤᠯᠭᠠᠬᠤ ᠪᠤᠶᠤ ᠵᠣᠷᠢᠭᠤᠳᠠ ᠲᠣᠭᠤᠷᠢᠤ ᠵᠠᠮ ᠢᠶᠠᠷ ᠶᠠᠪᠤᠬᠤ᠃     2. ᠠᠶᠠᠨᠴᠢᠨ ᠤ ᠵᠥᠪᠰᠢᠶᠡᠷᠡᠯ ᠦᠭᠡᠢ ᠪᠠᠷ ᠪᠤᠰᠤᠳ ᠬᠦᠮᠦᠨ ᠢ ᠰᠠᠭᠤᠯᠭᠠᠬᠤ᠃     3. ᠬᠡᠮᠵᠢᠬᠦᠷ ᠪᠤᠳᠤᠭᠤᠷ ᠢ ᠲᠣᠭᠲᠠᠭᠠᠯ ᠶᠣᠰᠣᠭᠠᠷ ᠭᠡᠷᠡᠭᠯᠡᠬᠦ ᠦᠭᠡᠢ᠂  ᠶᠤᠰᠤ ᠪᠤᠰᠤ ᠪᠠᠷ ᠰᠦᠢᠳᠬᠡᠯ ᠬᠤᠷᠢᠶᠠᠬᠤ︔     4. ᠲᠡᠷᠭᠡᠨ ᠰᠦᠢᠳᠬᠡᠯ ᠤᠨ ᠫᠢᠶᠣᠣ ᠪᠠᠷᠢᠮᠲᠠ ᠶᠢ ᠲᠣᠭᠲᠠᠭᠠᠯ ᠶᠣᠰᠣᠭᠠᠷ ᠭᠠᠷᠭᠠᠵᠤ ᠦᠭᠬᠦ ᠦᠬᠡᠢ᠃     5. ᠲᠡᠭᠡᠭᠡᠪᠦᠷᠢ ᠶᠢᠨ ᠦᠨᠡᠮᠯᠡᠯ᠂  ᠬᠢᠷᠢ ᠬᠡᠮ ᠤᠨ ᠦᠨᠡᠮᠯᠡᠯ ᠢᠶᠠᠨ ᠲᠣᠭᠲᠠᠭᠠᠯ ᠶᠣᠰᠣᠭᠠᠷ ᠠᠪᠴᠤ ᠶᠠᠪᠤᠬᠤ ᠦᠭᠡᠢ  ᠃     6. ᠵᠢᠯᠤᠭᠤᠴᠢ ᠶᠢᠨ ᠦᠭᠡ ᠶᠠᠷᠢᠶ᠎ᠠ ᠨᠢ ᠪᠤᠯᠪᠠᠰᠤᠨ ᠪᠤᠰᠤ᠂  ᠲᠡᠷᠭᠡᠨ ᠤ ᠳᠦᠷᠰᠦ ᠪᠠᠶᠢᠳᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ᠃       7.  ᠬᠠᠨᠤᠮᠵᠢ ᠦᠬᠡᠢ ᠪᠤᠯᠵᠤ ᠢᠯᠡᠴᠢᠯᠡᠨ ᠮᠡᠳᠡᠭᠦᠯᠦᠭᠰᠡᠨ ᠪᠤᠶᠤ ᠮᠠᠭᠤ ᠦᠨᠡᠯᠡᠯᠳᠡ ᠦᠭᠬᠦᠭᠰᠡᠨ ᠠᠶᠠᠨᠴᠢᠳ ᠠᠴᠠ ᠦᠰ ᠬᠠᠷᠢᠭᠤ ᠠᠪᠬᠤ᠃     8. ᠬᠦᠴᠦᠨ ᠦᠬᠡᠢ ᠪᠤᠯᠤᠭᠰᠠᠨ᠂ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠬᠢᠷᠢ ᠬᠡᠮ ᠤᠨ ᠦᠨᠡᠮᠯᠡᠯ ᠢ ᠬᠡᠷᠡᠭᠯᠡᠵᠦ ᠲᠦᠷᠢᠶᠡᠰᠦᠨ ᠮᠠᠰᠢᠨ ᠵᠢᠯᠤᠭᠤᠳᠬᠤ ᠪᠤᠶᠤ  ᠬᠢᠷᠢ ᠬᠡᠮ ᠤᠨ ᠦᠨᠡᠮᠯᠡᠯ ᠢ ᠵᠢᠬᠡᠯᠡᠵᠦ ᠵᠢᠬᠡᠯᠡᠬᠦᠯᠬᠦ  ᠂ ᠲᠦᠷᠢᠶᠡᠰᠦᠯᠡᠵᠦ ᠲᠦᠷᠢᠶᠡᠰᠦᠯᠡᠬᠦᠯᠬᠦ᠂ ᠪᠠᠯᠠᠯᠤᠨ ᠦᠬᠡᠷᠡᠴᠢᠯᠡᠬᠦ᠃        ᠭᠤᠷᠪᠠ᠂ ᠬᠠᠯᠠᠭᠤᠨ ᠰᠠᠨᠠᠭᠤᠯᠤᠮᠵᠢ       ᠥᠷᠭᠡᠨ ᠤᠯᠠᠨ ᠠᠷᠠᠳ ᠢᠷᠭᠡᠳ ᠢ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠬᠠᠤᠯᠢ ᠪᠤᠰᠤ ᠲᠦᠷᠢᠶᠡᠰᠦᠨ ᠮᠠᠰᠢᠨ ᠤ ᠡᠵᠡᠩᠨᠡᠯᠳᠡ ᠶᠢ ᠤᠬᠠᠮᠰᠠᠷ ᠠᠴᠠ ᠪᠠᠨ ᠬᠤᠷᠢᠭᠯᠠᠬᠤ ᠪᠤᠯᠪᠠᠤ ᠬᠡᠮᠡᠨ ᠬᠦᠰᠡᠨ ᠨᠠᠶᠢᠳᠠᠵᠤ ᠲᠠᠯᠪᠢᠵᠤ ᠪᠠᠶᠢᠨ᠎ᠠ᠃ ᠬᠡᠷᠪᠡ ᠬᠠᠤᠯᠢ ᠲᠦᠷᠢᠮ ᠠᠴᠠ ᠵᠥᠷᠢᠴᠡᠭᠰᠡᠨ ᠡᠵᠡᠩᠨᠡᠯᠲᠡ ᠶᠢᠨ ᠦᠶᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠢ ᠳᠤᠨᠢ ᠢᠯᠡᠴᠢᠯᠡᠨ ᠮᠡᠳᠡᠭᠦᠯᠵᠦ᠂ ᠦᠪᠡᠷ ᠤᠨ ᠡᠷᠬᠡ ᠠᠰᠢᠭ ᠢᠶᠠᠨ ᠬᠠᠮᠠᠭᠠᠯᠠᠬᠤ ᠶᠢᠨ ᠬᠠᠮᠳᠤ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠲᠤᠪᠠᠷ ᠬᠠᠮᠠᠭᠠᠯᠠᠬᠤ ᠬᠡᠷᠡᠭᠲᠡᠢ᠃       ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 12345  ᠂   0479 ︱ 6777009                                           ᠲᠠᠶᠢᠹᠤᠰᠧ ᠬᠤᠰᠢᠭᠤᠨ ᠤ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ                 ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ                           2023 ᠣᠨ ᠤ 12 ᠰᠠᠷ᠎ᠠ ᠶᠢᠨ 5 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号