ᠪᠤᠤᠴᠠᠩ ᠪᠠᠯᠭᠠᠰᠤ ︽ᠨᠡᠶᠢᠭᠡᠮ ᠲᠣᠭᠤᠷᠢᠭ ᠬᠤᠨᠳᠠᠭᠠᠲᠤ︾ ᠥᠳᠥᠨ ᠪᠥᠮᠪᠦᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2023/12/6
  12 ᠰᠠᠷ᠎ᠠ ᠶᠢᠨ 2 ᠤᠨ ᠡᠳᠦᠷ᠂  ᠪᠤᠤᠴᠠᠩ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ︽ᠨᠡᠶᠢᠭᠡᠮ ᠲᠣᠭᠤᠷᠢᠭ ᠬᠤᠨᠳᠠᠭᠠᠲᠤ︾ ᠥᠳᠥᠨ ᠪᠥᠮᠪᠦᠭᠡ ᠶᠢᠨ ᠤᠷᠤᠯᠳᠤᠭᠠᠨ ᠲᠠᠶᠢᠹᠤᠰᠧ ᠬᠤᠰᠢᠭᠤᠨ ᠤ ᠥᠳᠥᠨ ᠪᠥᠮᠪᠦᠭᠡ ᠶᠢᠨ ᠣᠷᠳᠣᠨ ᠳᠤ ᠠᠮᠵᠢᠯᠲᠠ ᠲᠠᠢ ᠶᠠᠪᠤᠭᠳᠠᠯ᠎ᠠ᠃ ᠡᠨᠡ ᠤᠳᠠᠭᠠᠨ ᠤ ᠤᠷᠤᠯᠳᠤᠭᠠᠨ ᠢ ᠪᠤᠤᠴᠠᠩ ᠪᠠᠯᠭᠠᠰᠤ ᠪᠤᠯᠤᠨ ᠬᠤᠰᠢᠭᠤᠨ ᠤ ᠰᠣᠶᠣᠯ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠪᠤᠯᠤᠨ ᠪᠤᠤᠴᠠᠩ  ᠪᠠᠯᠭᠠᠰᠤᠨ ᠤ ᠵᠢᠷᠭᠤᠭᠠᠨ ᠨᠡᠶᠢᠭᠡᠮ ᠲᠣᠭᠤᠷᠢᠭ ᠠᠴᠠ ᠬᠠᠮᠵᠢᠨ ᠡᠷᠭᠢᠯᠡᠵᠦ᠂   ᠲᠠᠶᠢᠹᠤᠰᠧ ᠬᠤᠰᠢᠭᠤᠨ ᠤ ᠥᠲᠥᠨ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠵᠡᠢ᠃ ᠡᠬᠢᠯᠡᠯᠲᠡ ᠶᠢᠨ ᠶᠣᠰᠣᠯᠠᠯ ᠳᠡᠭᠡᠷ᠎ᠡ᠂  ᠪᠤᠤᠴᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ᠂ ᠬᠤᠰᠢᠭᠤᠨ ᠤ ᠰᠣᠶᠣᠯ ᠲᠠᠮᠢᠷ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠶᠢᠩ ᠵᠢᠶᠧ᠂  ᠳᠡᠳ᠋ ᠲᠤᠪᠴᠢᠶᠠᠨ ᠳᠠᠷᠤᠭ᠎ᠠ ᠰᠠᠷᠠᠭᠤᠯ᠂  ᠪᠤᠤᠴᠠᠩ ᠪᠠᠯᠭᠠᠰᠤᠨ ᠤ ᠳᠡᠳ᠋ ᠪᠠᠯᠭᠠᠰᠤᠨ ᠳᠠᠷᠤᠭ᠎ᠠ ᠯᠢ ᠰᠧᠨ ᠯᠢᠶᠠᠩ᠂  ᠪᠤᠤᠴᠠᠩ ᠪᠠᠯᠭᠠᠰᠤᠨ ᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠳᠡᠳ᠋ ᠡᠷᠬᠢᠯᠡᠭᠴᠢ ᠵᠢᠶᠣᠣ ᠶᠠ ᠯᠢ  ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠶᠤᠸᠠᠢ  ᠤᠷᠤᠯᠴᠠᠨ᠂  ᠸᠠᠩ ᠰᠢ ᠪᠢᠨ ᠡᠬᠢᠯᠡᠯᠲᠡ ᠶᠢᠨ ᠦᠭᠡ  ᠬᠡᠯᠡᠵᠦ᠂  ᠸᠠᠩ ᠶᠢᠩ ᠵᠢᠶᠧ ᠤᠷᠤᠯᠳᠤᠭᠠᠨ ᠡᠬᠢᠯᠡᠭᠰᠡᠨ ᠢ ᠵᠠᠷᠯᠠᠪᠠ᠃ ᠡᠨᠡ ᠤᠳᠠᠭᠠᠨ ᠤ ᠤᠷᠤᠯᠳᠤᠭᠠᠨ ᠳᠤ ᠨᠡᠶᠢᠲᠡ 6 ᠠᠩᠭᠢ ᠨᠢᠬᠡᠴᠡ ᠶᠢᠨ 60 ᠲᠠᠮᠢᠷᠴᠢᠨ ᠤᠷᠤᠯᠴᠠᠵᠤ᠂ ᠳᠤᠮᠳᠠᠳᠤ ᠤᠯᠤᠰ ᠤᠨ ᠥᠳᠥᠨ ᠪᠥᠮᠪᠦᠭᠡ ᠶᠢᠨ ᠨᠡᠶᠢᠭᠡᠮᠯᠢᠭ ᠤᠨ ᠬᠢᠨᠠᠨ ᠲᠣᠭᠲᠠᠭᠠᠭᠰᠠᠨ ᠬᠠᠮᠤᠭ ᠤᠨ ᠰᠢᠨ᠎ᠡ ︽ᠥᠳᠥᠨ ᠪᠥᠮᠪᠦᠭᠡ ᠶᠢᠨ ᠤᠷᠤᠯᠳᠤᠭᠠᠨ ᠤ ᠳᠦᠷᠢᠮ︾ ᠢ ᠭᠡᠷᠡᠭᠵᠢᠬᠦᠯᠦᠭᠰᠡᠨ ᠪᠠᠶᠢᠨ᠎ᠠ᠃  ᠨᠢᠭᠡ ᠡᠳᠦᠷ ᠤᠨ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ ᠲᠠᠢ ᠫᠢᠩ ᠨᠡᠶᠢᠭᠡᠮ ᠲᠣᠭᠤᠷᠢᠭ ᠤᠨ ᠲᠥᠯᠥᠭᠡᠯᠡᠭᠴᠢᠳ ᠤᠨ ᠠᠩᠭᠢ᠂ ᠵᠢᠶᠠᠨ ᠰᠢᠩ ᠨᠡᠶᠢᠭᠡᠮ ᠲᠣᠭᠤᠷᠢᠭ ᠤᠨ ᠲᠥᠯᠥᠭᠡᠯᠡᠭᠴᠢᠳ ᠤᠨ ᠠᠩᠭᠢ᠂ ᠪᠦᠦ ᠹᠧᠩ ᠨᠡᠶᠢᠭᠡᠮ ᠲᠣᠭᠤᠷᠢᠭ ᠤᠨ ᠲᠥᠯᠥᠭᠡᠯᠡᠭᠴᠢᠳ ᠤᠨ ᠠᠩᠭᠢ ᠲᠤᠰᠪᠤᠷᠢ ᠡᠮᠦᠨ᠎ᠡ ᠭᠤᠷᠪᠠ ᠳᠤ ᠰᠢᠯᠭᠠᠷᠠᠵᠤ᠂ ᠱᠠᠩᠨᠠᠯ  ᠬᠦᠬᠢᠬᠦᠯᠦᠯ ᠲᠤᠰᠴᠠᠢ᠃ ᠣᠶᠢᠷ᠎ᠠ ᠶᠢᠨ ᠵᠢᠯ ᠤᠳ ᠲᠤ᠂ ᠪᠤᠤᠴᠠᠩ ᠪᠠᠯᠭᠠᠰᠤ ᠨᠢ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠢᠳᠡᠪᠬᠢᠲᠡᠢ ᠥᠷᠨᠢᠭᠦᠯᠵᠦ᠂  ᠪᠡᠶ᠎ᠡ ᠶᠢᠨ ᠲᠠᠮᠢᠷ ᠤᠨ ᠪᠠᠭ᠋ᠠᠳᠠᠳ ᠲᠤ ᠤᠷ᠎ᠠ ᠮᠡᠷᠭᠡᠵᠢᠯ ᠢᠶᠠᠨ ᠰᠣᠯᠢᠯᠴᠠᠬᠤ ᠲᠠᠪᠴᠠᠩ ᠢ ᠪᠠᠶᠢᠭᠤᠯᠤᠨ ᠥᠭᠴᠦ᠂ ᠪᠥᠬᠦ ᠠᠷᠠᠳ ᠢᠶᠠᠷ ᠢᠶᠠᠨ ᠴᠢᠭᠢᠷᠠᠭᠵᠢᠬᠤ ᠶᠢ ᠤᠷᠢᠶᠠᠯᠠᠵᠤ᠂ ᠣᠯᠠᠨ ᠲᠦᠮᠡᠨ ᠤ ᠠᠵᠢᠯ ᠤᠨ ᠴᠢᠯᠦᠭᠡᠨ ᠤ ᠰᠣᠶᠣᠯ ᠲᠠᠮᠢᠷ ᠤᠨ ᠠᠮᠢᠳᠤᠷᠠᠯ ᠢ ᠬᠥᠭᠵᠢᠭᠡᠨ ᠲᠠᠢ ᠪᠣᠯᠭᠠᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠬᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂  ᠪᠤᠤᠴᠠᠩ ᠪᠠᠯᠭᠠᠰᠤᠨ ᠤ ᠬᠢᠨ ᠤᠯᠠᠨ ᠲᠦᠮᠡᠨ ᠤ  ᠱᠠᠭᠠᠷᠳᠠᠯᠭ᠎ᠠ ᠭᠡᠷᠡᠭᠴᠡᠭᠡᠨ ᠤ ᠲᠣᠭᠤᠷᠢᠨ ᠳᠤ ᠡᠯᠪᠡᠭ ᠪᠠᠶᠠᠯᠢᠭ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠨᠢᠭᠦᠯᠵᠦ᠂ ᠪᠦᠬᠦ ᠠᠷᠠᠳ ᠤᠨ ᠬᠥᠳᠡᠯᠭᠡᠭᠡᠨ ᠪᠣᠯᠣᠨ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠤᠯᠠᠨ ᠲᠦᠮᠡᠨ ᠤ ᠪᠡᠶ᠎ᠡ ᠮᠠᠬᠠᠪᠤᠳ ᠤᠨ ᠬᠡᠪ ᠴᠢᠨᠠᠷ ᠢ ᠦᠨᠡᠨᠬᠦ ᠳᠡᠭᠡᠭᠰᠢᠯᠡᠭᠦᠯᠵᠦ᠂  ᠪᠤᠤᠴᠠᠩ ᠪᠠᠯᠭᠠᠰᠤᠨ ᠪᠦᠬᠦ ᠠᠷᠠᠳ ᠢᠶᠠᠷ ᠢᠶᠠᠨ ᠴᠢᠭᠢᠷᠠᠭᠵᠢᠬᠤ ᠬᠥᠳᠡᠯᠭᠡᠭᠡᠨ ᠤ ᠥᠷᠨᠢᠩᠭᠦᠢ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号