ᠬᠦᠨᠪᠤᠯᠠᠭ ᠰᠤᠮᠤᠨ ᠤ ᠬᠢᠨ ᠪᠧᠢ ᠴᠢ ᠵᠢᠶᠠ ᠪᠠᠯᠭᠠᠰᠤᠨ ᠳᠤ ᠬᠦᠷᠴᠦ ᠬᠠᠪᠰᠤᠷᠤᠨ ᠲᠡᠳᠬᠦᠬᠦ ᠠᠵᠢᠯ ᠢᠶᠠᠨ ᠵᠣᠯᠭᠠᠭᠤᠯᠪᠠ
ᠨᠡᠶᠢᠲᠡᠯᠡᠭᠰᠡᠨ ᠴᠠᠭ᠄
2023/12/6
   ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠠᠩᠫᠢᠩ ᠲᠣᠭᠤᠷᠢᠭ ᠤᠨ ᠪᠸᠢ ᠴᠢ ᠵᠢᠶᠠ  ᠪᠠᠯᠭᠠᠰᠤ ᠪᠣᠯᠣᠨ ᠬᠦᠨᠪᠤᠯᠠᠭ ᠰᠤᠮᠤᠨ ᠤ ︽ᠠᠬ᠎ᠠ ᠳᠡᠭᠦᠦ ᠰᠢᠶᠠᠩ ᠪᠠᠯᠭᠠᠰᠤ︾ ᠶᠢᠨ  ᠬᠠᠷᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠬᠤ ᠶᠢᠨ ᠲᠥᠯᠥᠭᠡ᠂  ᠤᠶᠢᠷ᠎ᠠ ᠳᠤ  ᠬᠦᠨᠪᠤᠯᠠᠭ ᠰᠤᠮᠤᠨ ᠤ ᠰᠤᠮᠤ ᠶᠢᠨ ᠨᠠᠮ ᠤᠨ ᠬᠤᠷᠢᠶᠠᠨ ᠤ ᠱᠦᠵᠢ ᠤᠷᠬᠢᠯ ᠤᠨ ᠲᠠᠭᠠᠭᠤᠯᠤᠭᠰᠠᠨ 7 ᠬᠥᠮᠥᠨ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ  ᠪᠸᠢ ᠴᠢ ᠵᠢᠶᠠ ᠪᠠᠯᠭᠠᠰᠤ ᠳᠤ ᠬᠦᠷᠴᠦ ᠬᠠᠪᠰᠤᠷᠤᠨ ᠲᠡᠳᠬᠦᠬᠦ ᠠᠵᠢᠯ ᠢᠶᠠᠨ ᠵᠣᠯᠭᠠᠭᠤᠯᠪᠠ᠃ ᠶᠠᠷᠢᠯᠴᠠᠬᠤ ᠬᠤᠷᠠᠯ ᠳᠡᠭᠡᠷ᠎ᠡ᠂  ᠪᠸᠢ  ᠴᠢ ᠵᠢᠶᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠧ ᠨᠠ   ᠠᠴᠠ  ᠬᠦᠨᠪᠤᠯᠠᠭ ᠰᠤᠮᠤᠨ ᠤ ᠬᠢᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠭᠰᠡᠨ ᠤ ᠬᠠᠮᠲᠤ  ᠂ ᠪᠸᠢ ᠴᠢ ᠵᠢᠶᠠ ᠪᠠᠯᠭᠠᠰᠤᠨ ᠤ ᠠᠵᠤ ᠦᠢᠯᠡᠰ ᠤᠨ ᠪᠦᠲᠦᠴᠡ᠂  ᠤᠨᠴᠠᠯᠢᠭᠳᠤ ᠵᠦᠢᠯ ᠲᠤᠷᠠᠶᠢᠮ᠎ᠠ ᠴᠡᠭ ᠵᠢᠴᠢ ᠬᠥᠭᠵᠢᠯᠲᠡ ᠶᠢᠨ ᠰᠡᠳᠬᠢᠴᠡ ᠪᠠᠨ ᠲᠠᠨᠢᠯᠴᠠᠭᠤᠯᠵᠠᠢ᠃  ᠤᠷᠬᠢᠯ ᠪᠸᠢ ᠴᠢ ᠵᠢᠶᠠ ᠪᠠᠯᠭᠠᠰᠤᠨ ᠤ ᠤᠷᠳᠤ ᠬᠤᠭᠤᠴᠠᠭ᠎ᠠ ᠪᠠᠷ ᠬᠠᠪᠰᠤᠷᠤᠯᠭ᠎ᠠ ᠲᠡᠮᠵᠢᠯᠭᠡ ᠦᠵᠡᠬᠦᠯᠦᠭᠰᠡᠨ ᠳᠤ ᠲᠠᠯᠠᠷᠬᠠᠯ ᠢᠯᠡᠷᠭᠡᠶᠢᠯᠡᠭᠰᠡᠨ  ᠤ ᠬᠠᠮᠲᠤ ᠰᠤᠮᠤᠨ ᠤ ᠪᠠᠨ ᠦᠨᠳᠦᠰᠦᠨ ᠪᠠᠶᠢᠳᠠᠯ᠂ ᠠᠵᠤ ᠦᠢᠯᠡᠰ ᠤᠨ ᠬᠥᠭᠵᠢᠯᠲᠡ ᠵᠢᠴᠢ ᠣᠳᠣᠬᠠᠨ ᠤ ᠥᠷᠨᠢᠭᠦᠯᠵᠦ ᠪᠠᠶᠢᠭ᠎ᠠ ᠠᠵᠢᠯ ᠤᠨ ᠲᠠᠯ᠎ᠠ ᠪᠠᠷ ᠨᠠᠷᠢᠨ  ᠲᠠᠨᠢᠯᠴᠠᠭᠤᠯᠭ᠎ᠠ ᠬᠢᠭᠰᠡᠨ ᠪᠠᠶᠢᠨ᠎ᠠ᠃ ᠬᠤᠶᠠᠷ ᠲᠠᠯ᠎ᠠ ᠪᠠᠷ ᠢᠶᠠᠨ ᠣᠨᠴᠠᠯᠢᠭᠲᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠮᠵᠢ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠲᠠᠯ᠎ᠠ ᠪᠠᠷ ᠲᠤᠰ ᠲᠤᠰ ᠤᠨ ᠰᠡᠳᠬᠢᠴᠡ ᠪᠠ ᠲᠥᠯᠦᠪᠵᠢᠭᠦᠯᠭᠡ ᠪᠠᠨ ᠶᠠᠷᠢᠯᠴᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠬᠤ᠂ ᠰᠣᠯᠢᠯᠴᠠᠭᠠᠨ ᠤ ᠲᠠᠪᠴᠠᠩ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠰᠠᠨᠠᠯ ᠢᠶᠠᠨ ᠰᠤᠯᠢᠯᠴᠠᠪᠠ᠃  ᠬᠤᠷᠠᠯ ᠤᠨ ᠳᠠᠷᠠᠭ᠎ᠠ᠂  ᠬᠦᠨᠪᠤᠯᠠᠭ ᠰᠤᠮᠤᠨ ᠤ ᠬᠢᠨ ᠪᠧᠢ ᠴᠢ ᠵᠢᠶᠠ ᠪᠠᠯᠭᠠᠰᠤᠨ ᠤ  ᠬᠤᠤ ᠱᠧᠩ ᠾᠦᠸᠧ ᠵᠢᠮᠢᠰ ᠨᠤᠭᠤᠭᠠᠨ ᠤ ᠴᠢᠯᠦᠭᠡᠳᠦ ᠲᠡᠯᠬᠡᠬᠦᠷ᠂  ᠤᠤ ᠪᠸᠢ ᠠᠷᠠᠳ ᠲᠤ ᠲᠦᠬᠦᠮ ᠦᠵᠡᠭᠦᠯᠬᠦ ᠠᠭᠤᠳᠠᠮ ᠲᠠᠯᠠᠪᠠᠢ᠂ ᠪᠠᠢ ᠮᠢᠶᠣᠣ ᠲᠣᠰᠬᠤᠨ ᠤ ᠠᠷᠠᠳ ᠤᠨ ᠵᠥᠪᠯᠡᠯ᠂  ᠭᠧᠦ ᠽᠢ ᠲᠧᠦ ᠲᠣᠰᠬᠤᠨ ᠤ ᠠᠵᠤ ᠦᠢᠯᠡᠰ ᠤᠨ ᠢᠵᠢ ᠪᠦᠷᠢᠳᠦᠭᠰᠡᠨ ᠦᠢᠯᠡᠴᠢᠯᠡᠭᠡᠨ ᠤ ᠲᠥᠪ᠂ ᠵᠦᠩ ᠶᠢᠩ ᠨᠢᠶᠠᠨ ᠨᠢᠶᠠᠨ ︵ᠪᠡᠭᠡᠵᠢᠩ︶  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠲᠣᠭᠤᠷᠢᠨ ᠰᠤᠷᠤᠯᠴᠠᠵᠤ᠂ ᠪᠸᠢ ᠴᠢ ᠵᠢᠶᠠ ᠪᠠᠯᠭᠠᠰᠤᠨ ᠤ ᠤᠶᠤᠨᠴᠢ ᠲᠣᠰᠬᠤᠨ ᠤ ᠪᠠᠶᠢᠭᠤᠯᠤᠯᠲᠠ᠂  ᠬᠠᠮᠲᠤ ᠶᠢᠨ ᠠᠵᠤ ᠦᠢᠯᠡᠰ᠂ ᠠᠵᠤ ᠠᠬᠤᠢ ᠶᠢᠨ ᠪᠦᠲᠦᠴᠡ ᠪᠠ ᠬᠥᠭᠵᠢᠯᠲᠡ ᠶᠢᠨ ᠪᠠᠶᠢᠳᠠᠯ  ᠂ ᠲᠣᠭᠠᠴᠢᠯᠠᠭᠰᠠᠨ ᠠᠵᠤ ᠦᠢᠯᠡᠰ ᠤᠨ ᠰᠢᠨ᠎ᠡ ᠵᠠᠭᠪᠤᠷ ᠢ ᠨᠠᠷᠢᠨ ᠣᠶᠢᠯᠠᠭᠠᠪᠠ᠃ ᠳᠠᠷᠠᠭᠠᠴᠢ ᠶᠢᠨ ᠠᠯᠬᠤᠮ ᠳᠤ᠂ ᠬᠦᠨᠪᠤᠯᠠᠭ ᠰᠤᠮᠤ ᠨᠢ ᠡᠨᠡ ᠤᠳᠠᠭᠠᠨ ᠤ ᠰᠣᠯᠢᠯᠴᠠᠭ᠎ᠠ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠪᠸᠢ  ᠴᠢ ᠵᠢᠶᠠ ᠪᠠᠯᠭᠠᠰᠤᠨ ᠤ ᠲᠡᠷᠢᠭᠦᠨ ᠤ ᠠᠷᠭ᠎ᠠ ᠲᠤᠷᠰᠢᠯᠭ᠎ᠠ ᠶᠢ ᠰᠤᠷᠤᠯᠴᠠᠨ᠂ ᠬᠤᠶᠠᠷ ᠭᠠᠵᠠᠷ ᠤᠨ ᠠᠵᠤ ᠦᠢᠯᠡᠰ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ᠬᠠᠮᠲᠤᠷᠠᠯᠴᠠᠭᠠᠨ ᠤ ᠳᠠᠯᠳᠠ ᠬᠦᠴᠦᠨ ᠢ ᠦᠷᠭᠡᠳᠭᠡᠨ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠬᠦᠯᠵᠦ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠨᠡᠩ ᠥᠨᠳᠥᠷ ᠲᠦᠪᠰᠢᠨ ᠲᠤ ᠬᠦᠷᠬᠡᠬᠦ ᠪᠠᠷ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号