ᠴᠢᠶᠠᠨ ᠶᠢᠨ ᠭᠧᠦ ᠪᠠᠯᠭᠠᠰᠤ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠨᠡᠶᠢᠭᠡᠮ ᠵᠢᠷᠤᠮ ᠤᠨ ᠬᠠᠤᠯᠢᠵᠢᠯ ᠤᠨ ᠰᠣᠶᠣᠯ ᠢ ᠪᠠᠶᠢᠭᠤᠯᠬᠤ︾  ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2023/12/6
   ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠷᠭᠡᠨ ᠤᠯᠠᠨ ᠡᠮᠡᠭᠲᠡᠶᠢᠴᠦᠳ ᠤᠨ ᠦᠨᠳᠦᠰᠦᠨ ᠬᠠᠤᠯᠢ ᠶᠢ ᠲᠡᠭᠡᠳᠦᠯᠡᠬᠦ᠂ ᠦᠨᠳᠦᠰᠦᠨ ᠬᠠᠤᠯᠢ ᠶᠢ ᠰᠤᠷᠤᠯᠴᠠᠬᠤ ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ᠂ ᠦᠨᠳᠦᠰᠦᠨ ᠬᠠᠤᠯᠢ ᠶᠢ ᠬᠡᠷᠡᠭᠯᠡᠬᠦ ᠦᠵᠡᠯ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 12 ᠰᠠᠷ᠎ᠠ ᠶᠢᠨ 4  ᠤ ᠡᠳᠦᠷ  ᠴᠢᠶᠠᠨ ᠶᠢᠨ ᠭᠧᠦ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠡᠶᠢᠭᠡᠮ ᠵᠢᠷᠤᠮ ᠤᠨ ᠬᠠᠤᠯᠢᠵᠢᠯ ᠤᠨ ᠰᠣᠶᠣᠯ ᠢ ᠪᠠᠶᠢᠭᠤᠯᠬᠤ︾  ᠭᠤᠤᠯ ᠰᠡᠳᠦᠪᠳᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃ ᠤᠬᠠᠭᠤᠯᠤᠨ ᠲᠠᠶᠢᠯᠪᠤᠷᠢᠯᠠᠭᠴᠢ ᠠᠴᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠲᠠᠢ ᠤᠶᠠᠯᠳᠤᠭᠤᠯᠤᠨ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ᠂ ᠡᠮᠡᠭᠲᠡᠶᠢᠴᠦᠳ ᠤᠨ ᠡᠷᠬᠡ ᠠᠰᠢᠭ ᠢ  ᠬᠠᠮᠠᠭᠠᠯᠠᠬᠤ ᠬᠠᠤᠯᠢ ᠵᠡᠷᠭᠡ ᠬᠠᠤᠯᠢ ᠶᠢᠨ ᠮᠡᠳᠡᠯᠭᠡ ᠶᠢ ᠲᠠᠶᠢᠯᠪᠤᠷᠢᠯᠠᠵᠤ᠂ ᠦᠷᠭᠡᠨ ᠤᠯᠠᠨ ᠡᠮᠡᠭᠲᠡᠶᠢᠴᠦᠳ ᠢ ᠶᠠᠮᠠᠷᠪᠠ ᠦᠶ᠎ᠡ ᠳᠤ ᠴᠤ ᠭᠡᠰᠡᠨ ᠬᠠᠤᠯᠢ ᠶᠣᠰᠣᠭᠠᠷ ᠠᠵᠢᠯᠯᠠᠵᠤ᠂ ᠵᠦᠢ ᠵᠣᠬᠢᠰᠲᠠᠢ ᠠᠷᠭ᠎ᠠ ᠬᠡᠯᠪᠡᠷᠢ ᠪᠠᠷ ᠬᠦᠰᠡᠯ ᠱᠠᠭᠠᠷᠳᠠᠯᠭ᠎ᠠ ᠪᠠᠨ ᠢᠯᠡᠳᠬᠡᠵᠦ᠂ ᠬᠠᠤᠯᠢ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ ᠴᠢᠳᠠᠬᠤ ᠭᠡᠷᠡᠭᠳᠡᠢ ᠬᠡᠵᠦ ᠤᠷᠢᠶᠠᠯᠠᠭᠰᠠᠨ ᠪᠠᠶᠢᠨ᠎ᠠ᠃  ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠡᠮᠡᠭᠲᠡᠶᠢᠴᠦᠳ ᠤᠨ ᠬᠠᠤᠯᠢᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠰᠠᠶᠢᠨ ᠦᠢᠯᠡᠳᠦᠯ ᠦᠵᠡᠭᠦᠯᠵᠦ᠂ ᠡᠮᠡᠭᠲᠡᠶᠢᠴᠦᠳ ᠤᠨ ᠬᠠᠤᠯᠢ ᠮᠡᠳᠡᠬᠦ᠂ ᠬᠠᠤᠯᠢ ᠰᠤᠷᠤᠯᠴᠠᠬᠤ ᠂ ᠬᠠᠤᠯᠢ ᠰᠠᠬᠢᠬᠤ᠂ ᠬᠠᠤᠯᠢ ᠭᠡᠷᠡᠭᠯᠡᠬᠦ ᠤᠬᠠᠮᠰᠠᠷ ᠢ ᠴᠢᠩᠭᠠᠳᠬᠠᠨ᠂  ᠡᠮᠡᠭᠳᠡᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠳᠤ ᠪᠠᠳᠤ ᠪᠠᠬᠢ ᠰᠠᠭᠤᠷᠢ ᠶᠢ ᠲᠠᠯᠪᠢᠵᠠᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号